ᠤᠶᠤᠳᠠᠳ ᠲᠤ ᠠᠮᠢᠳᠤᠷᠠᠯ ᠢ ᠲᠤᠩᠭᠠᠨ ᠪᠤᠳᠤᠯᠬᠢᠯᠠᠬᠤ ᠬᠦᠮᠤᠵᠢᠯ ᠱᠠᠭᠠᠷᠳᠠᠭᠳᠠᠵᠦ ᠪᠤᠢ
ᠨᠡᠶᠢᠲᠡᠯᠡᠭᠰᠡᠨ ᠴᠠᠭ᠄
2018-05-29
ᠵᠣᠬᠢᠶᠠᠭᠴᠢ᠄ ᠮᠦᠩᠬᠦᠨᠬᠤᠸᠠᠷ      ︽ᠶᠠᠮᠠᠷ ᠪᠠᠶᠢᠳᠠᠯ ᠨᠢ ᠴᠢᠮᠠᠲᠦ ᠰᠠᠶ᠋ᠢ ᠠᠵᠠ ᠵᠢᠷᠭᠠᠯᠲᠦ ᠠᠮᠢᠳᠤᠷᠠᠯ ᠳᠤ ᠲᠤᠭᠠᠴᠠᠭᠳᠠᠬᠤ ᠪᠤᠢ︖︾      ︽ᠴᠢᠨᠤ ᠬᠤᠵᠢᠮ ᠤᠨ ᠬᠠᠷᠠᠯᠲᠠ ᠪᠠ ᠤᠳᠤᠬᠢ ᠴᠢᠳᠠᠪᠤᠷᠢ ᠶᠢᠨ ᠵᠦᠷᠢᠶ᠎ᠡ ᠬᠢᠷᠢ ᠵᠡᠷᠭᠡ ᠪᠠᠶᠢᠬᠤ ᠪᠤᠢ︖︾      ︽ᠤᠳᠤᠬᠠᠨ ᠤ ᠡᠭᠦᠷᠭᠡ ᠬᠠᠷᠢᠭᠤᠴᠠᠯᠭ᠎ᠠ ᠴᠢᠨᠢ ᠶᠠᠭᠤ ᠪᠤᠢ︖︾      ︽ᠲᠤᠷ᠎ᠠ ᠪᠠᠬ᠎ᠠ ᠪᠠ ᠲᠤᠰᠬᠠᠢ ᠮᠡᠷᠭᠡᠵᠢᠯ ᠠᠪᠤᠴᠠᠯᠳᠤᠬᠤ ᠦᠭᠡᠢ ᠪᠤᠯ ᠶᠠᠭᠠᠬᠢᠪᠠᠯ ᠵᠤᠬᠢᠬᠤ ᠪᠤᠢ︖︾      ᠁ ᠁      ᠶᠡᠭᠡ ᠲᠡᠭᠡᠳᠦ ᠰᠤᠷᠭᠠᠭᠤᠯᠢ ᠶᠢᠨ ᠤᠯᠠᠮᠵᠢᠯᠠᠯᠲᠦ ᠰᠤᠷᠭᠠᠨ ᠬᠦᠮᠦᠵᠢᠯ ᠨᠢ ᠰᠤᠷᠤᠭᠴᠢ ᠶᠢᠨ ᠰᠤᠳᠤᠯᠭᠠᠨ ᠤ ᠴᠢᠳᠠᠪᠤᠷᠢ ᠶᠢᠨ ᠲᠡᠭᠡᠭᠰᠢᠯᠡᠯᠲᠡ ᠪᠠ ᠮᠡᠳᠡᠯᠭᠡ ᠶᠢᠨ ᠬᠤᠷᠠᠮᠳᠤᠭᠤᠯᠤᠯ ᠢ ᠴᠢᠬᠤᠯᠠᠴᠢᠯᠠᠳᠠᠭ᠃ ᠬᠡᠳᠡᠯ᠎ᠡ ᠡᠨᠡᠬᠦ ᠢᠡᠲ᠋ᠧᠷ ᠰᠦᠯᠵᠢᠶ᠎ᠡ ᠶᠢᠨ ᠲᠦᠷᠭᠡᠨ ᠬᠦᠭᠵᠢᠯᠲᠡ ᠶᠢᠨ ᠴᠠᠭ ᠦᠶ᠎ᠡ ᠳᠤ ᠤᠶᠤᠳᠠᠳ ᠤᠨ ᠡᠳᠦᠷ ᠪᠦᠷᠢ ᠶᠢᠨ ᠬᠦᠯᠢᠶᠡᠨ ᠠᠪᠬᠤ ᠮᠡᠳᠡᠭᠡ ᠵᠠᠩᠭᠢ ᠪᠠ ᠠᠷᠭ᠎ᠠ ᠬᠡᠯᠪᠡᠷᠢ ᠤᠯᠠᠰᠢᠷᠠᠭᠰᠠᠨ ᠠᠴᠠ ᠦᠪᠡᠷ ᠤᠨ ᠠᠮᠢᠳᠤᠷᠠᠯ ᠤᠨ ᠲᠠᠯ᠎ᠠ ᠶᠢᠨ ︽ᠶᠠᠭᠠᠬᠢᠭᠰᠠᠨ᠂ ᠶᠠᠭᠠᠬᠢᠭᠠᠳ᠂ ᠶᠠᠭᠠᠬᠢᠪᠠᠯ ᠵᠤᠬᠢᠬᠤ︾ ᠵᠡᠷᠭᠡ ᠠᠬᠤᠢᠢᠴᠢ ᠪᠦᠭᠡᠳ ᠵᠠᠩᠭᠢᠯᠠᠭ᠎ᠠ ᠪᠤᠯᠬᠤ ᠠᠰᠠᠭᠤᠳᠠᠯ ᠢ ᠲᠤᠩᠭᠠᠨ ᠪᠤᠳᠤᠯᠬᠢᠯᠠᠬᠤ ᠵᠡᠪ ᠦᠭᠡᠢ ᠬᠡᠮᠡᠷᠭᠡᠨ ᠴᠠᠭ ᠮᠦᠴᠡ ᠶᠢ ᠶᠠᠭᠠᠷᠠᠯᠲᠠᠶᠢᠬᠠᠨ ᠦᠡᠭᠭᠡᠷᠡᠭᠦᠯᠵᠦ ᠪᠤᠢ᠃      ᠦᠨᠡᠨᠳᠡᠭᠡᠨ ᠶᠡᠭᠡ ᠲᠡᠭᠡᠳᠦ ᠰᠤᠷᠭᠠᠭᠤᠯᠢ ᠨᠢ ᠤᠶᠤᠳᠠᠳ ᠲᠤ ᠮᠡᠳᠡᠯᠭᠡ ᠤᠯᠠᠮᠵᠢᠯᠠᠬᠤ ᠠᠴᠠ ᠭᠠᠳᠠᠨ᠎ᠠ᠂ ᠲᠡᠳᠡᠨ ᠳᠤ ᠦᠪᠡᠷ ᠤᠨ ᠲᠤᠳᠤᠭᠠᠳᠦ ᠰᠡᠳᠬᠢᠯᠭᠡ᠂ ᠦᠷᠳᠡᠭ ᠤᠨ ᠦᠵᠡᠯᠲᠡ᠂ ᠨᠡᠶᠢᠭᠡᠮ ᠤᠨ ᠬᠠᠷᠢᠭᠤᠴᠠᠯᠭ᠎ᠠ ᠵᠡᠷᠭᠡ ᠠᠮᠢᠳᠤᠷᠠᠯ ᠳᠤ ᠬᠤᠯᠪᠤᠭᠳᠠᠭᠰᠠᠨ ᠠᠰᠠᠭᠤᠳᠠᠯ ᠤᠳ ᠢ ︽ᠲᠤᠩᠭᠠᠨ ᠪᠤᠳᠤᠯᠬᠢᠯᠠᠬᠤ︾ ᠵᠠᠪᠰᠢᠶᠠᠨ ᠪᠠ ᠵᠢᠯᠤᠭᠤᠳᠤᠮᠵᠢ ᠬᠠᠨᠭ᠍ᠭᠠᠪᠠᠯ ᠵᠤᠬᠢᠨ᠎ᠠ᠃      ᠬᠠᠷᠸᠡᠷᠳ᠋ ᠶᠡᠭᠡ ᠰᠤᠷᠭᠠᠭᠤᠯᠢ ᠨᠢ ᠤᠶᠤᠳᠠᠳ ᠤᠨ ᠤᠶᠤᠨ ᠰᠠᠨᠠᠭᠠᠨ ᠤ ᠶᠢᠷᠳᠢᠨᠴᠦ ᠶᠢᠨ ᠬᠦᠮᠦᠵᠢᠯ ᠢ ᠮᠠᠰᠢ ᠬᠦᠨᠳᠦᠳᠭᠡᠵᠦ᠂ ᠰᠢᠨ᠎ᠡ ᠤᠶᠤᠳᠠᠳ ᠲᠠᠭᠠᠨ ︽ᠦᠪᠡᠷ ᠤᠨ ᠠᠮᠢᠳᠤᠷᠠᠯ ᠢᠶᠠᠨ ᠲᠤᠩᠭᠠᠨ ᠪᠤᠳᠤᠯᠬᠢᠯᠠᠬᠤ︾ ᠬᠢᠴᠢᠶᠡᠯ ᠨᠡᠭᠡᠭᠡᠵᠡᠢ᠃ ᠡᠨᠡᠬᠦ ᠬᠢᠴᠢᠶᠡᠯ ᠢ ᠰᠠᠶᠢᠨ ᠲᠤᠷ᠎ᠠ ᠠᠴᠠ ᠪᠠᠨ ᠰᠤᠩᠭᠤᠨ ᠰᠤᠷᠴᠦ᠂ ᠶᠠᠮᠠᠷᠴᠦ ᠰᠤᠷᠤᠯᠭ᠎ᠠ ᠶᠢᠨ ᠬᠤᠪᠢ᠂ ᠦᠭᠦᠯᠡᠯ ᠪᠤᠶᠤ ᠲᠠᠰᠬᠠᠯ ᠤᠨ ᠱᠠᠭᠠᠷᠳᠠᠯᠭ᠎ᠠ ᠭᠡᠵᠦ ᠦᠭᠡᠢ᠃ ᠵᠢᠭᠠᠬᠤ ᠠᠷᠭ᠎ᠠ ᠨᠢ ᠴᠤ ᠲᠤᠩ ᠬᠢᠯᠪᠠᠷ ᠪᠠᠶᠢᠵᠦ᠂ 12 ᠰᠤᠷᠤᠭᠴᠢ ᠨᠢᠭᠡ ᠲᠤᠭᠤᠢᠢᠯᠠᠩ ᠪᠤᠯᠵᠦ᠂ ᠪᠠᠭᠰᠢ ᠶᠢᠨ ᠢᠶᠠᠨ ᠵᠢᠯᠤᠭᠤᠳᠤᠯᠭ᠎ᠠ ᠲᠤᠤᠷ᠎ᠠ ᠭᠤᠷᠪᠠ ᠤᠳᠠᠭᠠᠨ ᠤ 90 ᠮᠢᠨᠦ᠋ᠲ ᠤᠨ ᠶᠠᠷᠢᠯᠴᠠᠭ᠎ᠠ ᠳᠤ ᠤᠷᠤᠯᠴᠠᠨ᠎ᠠ᠃ ᠶᠠᠷᠢᠯᠴᠠᠭᠠᠨ ᠤ ᠭᠤᠤᠯ ᠰᠡᠳᠦᠪ ᠨᠢ ᠬᠡᠶᠢᠰᠪᠦᠷᠢ ᠠᠰᠠᠭᠤᠯᠳᠠ ᠪᠠᠶᠢᠵᠦ᠂ ᠵᠢᠱᠢᠶᠡᠯᠡᠪᠡᠯ ︽ᠴᠢᠨᠦ ᠠᠮᠢᠳᠤᠷᠠᠯ ᠳᠤ ᠶᠠᠭᠤ ᠬᠠᠮᠤᠭ ᠤᠨ ᠡᠷᠭᠢᠮ ᠪᠤᠢ︖︾᠂ ︽ᠴᠢᠨᠦ ᠦᠷᠳᠡᠭ ᠤᠨ ᠦᠵᠡᠯᠳᠡ ᠪᠠ ᠤᠳᠤᠬᠢ ᠠᠮᠢᠳᠤᠷᠡᠯ ᠤᠨ ᠦᠵᠡᠭᠳᠡᠯ ᠤᠨ ᠬᠤᠭᠤᠷᠤᠨᠳᠦ ᠵᠦᠷᠢᠴᠡᠯ ᠭᠠᠷᠪᠠᠯ ᠶᠠᠭᠠᠬᠢᠪᠠᠯ ᠵᠤᠬᠢᠬᠤ ᠪᠤᠢ ︖︾ ᠭᠡᠬᠦ ᠮᠡᠲᠦ᠃ ᠬᠢᠴᠢᠶᠡᠯ ᠤᠨ ᠬᠠᠷᠠᠯᠲᠠ ᠨᠢ ᠰᠢᠨ᠎ᠡ ᠤᠶᠤᠳᠠᠳ ᠤᠨ ᠦᠪᠡᠷ ᠤᠨ ᠠᠮᠢᠳᠤᠷᠠᠬᠤᠢ ᠶᠢᠨ ᠬᠠᠷᠠᠯᠲᠠ ᠪᠠᠨ ᠵᠦᠪ ᠢᠶᠠᠷ ᠲᠠᠨᠢᠵᠦ᠂ ᠠᠮᠢᠳᠤᠷᠠᠯ ᠤᠨ ᠤᠯᠠᠨ ᠲᠠᠯ᠎ᠠ ᠶᠢ ᠲᠤᠩᠭᠠᠨ ᠪᠤᠳᠤᠯᠬᠢᠯᠠᠵᠦ᠂ ᠲᠠᠷᠠᠭ᠎ᠠ ᠨᠢ ᠡᠳᠡᠭᠡᠷ ᠲᠤᠩᠭᠠᠨ ᠪᠤᠳᠤᠯᠬᠢᠯᠠᠭᠰᠠᠨ ᠠᠰᠠᠭᠤᠳᠠᠯ ᠢᠶᠠᠨ ᠰᠤᠷᠭᠠᠭᠤᠯᠢ ᠶᠢᠨ ᠬᠦᠷᠢᠶᠡᠨ ᠳᠠᠬᠢ ᠪᠤᠳᠠᠳᠦ ᠠᠮᠢᠳᠤᠷᠠᠯ ᠲᠠᠢ ᠪᠠᠨ ᠬᠤᠯᠪᠤᠬᠤ ᠶᠢ ᠵᠤᠷᠢᠳᠠᠭ᠃ ᠰᠲ᠋ᠠᠨᠹᠥᠷᠳ᠋ ᠶᠡᠭᠡ ᠰᠤᠷᠭᠠᠭᠤᠯᠢ ᠵᠡᠷᠭᠡ ᠨᠡᠷᠡᠲᠦ ᠰᠤᠷᠭᠠᠭᠤᠯᠢ ᠨᠤᠭᠤᠳ ᠴᠤ ᠬᠠᠷᠸᠡᠷᠳ᠋ ᠶᠡᠭᠡ ᠰᠤᠷᠭᠠᠭᠤᠯᠢ ᠠᠴᠠ ᠲᠠᠭᠠᠨ ᠰᠤᠷᠤᠯᠴᠠᠵᠦ ᠡᠨᠡᠬᠦ ᠬᠢᠴᠢᠶᠡᠯ ᠢ ᠡᠬᠢᠯᠡᠨ ᠨᠡᠭᠡᠭᠡᠵᠡᠢ᠃      ︽ᠦᠪᠡᠷ ᠤᠨ ᠠᠮᠢᠳᠤᠷᠠᠯ ᠢᠶᠠᠨ ᠲᠤᠩᠭᠠᠨ ᠪᠤᠳᠤᠯᠬᠢᠯᠠᠬᠤ︾ ᠬᠢᠴᠢᠶᠡᠯ ᠨᠢ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠠᠮᠤᠭ ᠤᠨ ᠡᠷᠭᠢᠮ ᠬᠠᠷᠠᠯᠲᠠ — ᠪᠦᠷᠢᠨ ᠪᠦᠲᠦᠨ ᠬᠦᠮᠦᠨ ᠮᠦᠰᠦ ᠶᠢ ᠪᠦᠷᠢᠯᠳᠦᠭᠦᠯᠬᠦ ᠬᠠᠷᠠᠯᠲᠠ ᠶᠢ ᠦᠨᠡᠨᠬᠦ ᠬᠠᠷᠠᠭᠤᠯᠵᠠᠢ᠃ ᠡᠶᠢᠮᠦ ᠠᠴᠠ ᠶᠡᠭᠡ ᠲᠡᠭᠡᠳᠦ ᠰᠤᠷᠭᠠᠭᠤᠯᠢ ᠨᠢ ︽ᠲᠤᠩᠭᠠᠨ ᠪᠤᠳᠤᠯᠬᠢᠯᠠᠬᠤ︾ ᠬᠢᠴᠢᠶᠡᠯ ᠨᠡᠭᠡᠭᠡᠵᠦ᠂ ᠤᠶᠤᠳᠠᠳ ᠲᠤ ᠠᠮᠢᠳᠤᠷᠠᠯ ᠢᠶᠠᠨ ᠲᠦᠯᠦᠪᠯᠡᠬᠦ ᠪᠠ ᠲᠤᠩᠭᠠᠨ ᠪᠤᠳᠤᠯᠬᠢᠯᠠᠬᠤ ᠲᠤᠬᠠᠢ ᠰᠡᠩᠭᠡᠷᠡᠭᠦᠯᠬᠦ ᠬᠦᠮᠦᠵᠢᠯ ᠬᠢᠵᠦ᠂ ᠤᠶᠤᠳᠠᠳ ᠲᠤ ᠠᠯᠤᠰ ᠤᠨ ᠬᠠᠷᠠᠯᠲᠠ ᠲᠤᠭᠳᠠᠭᠠᠬᠤ ᠪᠠ ᠵᠦᠪ ᠦᠷᠳᠡᠭ ᠤᠨ ᠦᠵᠡᠯᠲᠡ ᠶᠢ ᠪᠤᠢ ᠪᠤᠯᠭᠠᠬᠤ ᠳᠤ ᠵᠢᠯᠤᠭᠤᠳᠤᠮᠵᠢ ᠬᠠᠨᠭ᠍ᠭᠠᠪᠠᠯ ᠵᠤᠬᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号