ᠡᠨᠡ ᠵᠢᠯ ᠤᠨ ᠤᠯᠤᠰ ᠤᠨ ᠨᠢᠭᠡᠲᠦᠯᠲᠡᠢ ᠰᠢᠯᠭᠠᠯᠳᠠ ᠶᠡᠮᠡᠷ ᠬᠤᠪᠢᠷᠠᠯᠳᠠ ᠲᠠᠢ ᠪᠤᠯ︖
ᠨᠡᠶᠢᠲᠡᠯᠡᠭᠰᠡᠨ ᠴᠠᠭ᠄
2018-05-29
      2018 ᠤᠨ ᠤ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠭᠡᠲᠦᠯᠲᠡᠢ ᠰᠢᠯᠭᠠᠯᠳᠠ ᠴᠤ ᠲᠦᠭᠦᠵᠦ ᠢᠷᠡᠯ᠎ᠡ᠃ ᠲᠡᠭᠡᠪᠡᠯ ᠡᠨᠡ ᠵᠢᠯ ᠤᠨ ᠰᠢᠯᠭᠠᠯᠳᠠ ᠳᠤ ᠶᠠᠮᠠᠷᠰᠢᠦ ᠰᠢᠨ᠎ᠡ ᠲᠦᠷᠦ ᠶᠢᠨ ᠪᠤᠳᠤᠯᠭ᠎ᠠ ᠨᠤᠭᠤᠳ ᠢ ᠳᠤᠭᠳᠠᠭᠠᠭᠰᠠᠨ ᠪᠤᠯ︖      — ᠬ᠊ᠤᠪᠢ ᠨᠡᠮᠡᠬᠦ ᠲᠦᠷᠦᠯ ᠵᠦᠢᠯ ᠢ ᠪᠠᠭᠠᠰᠬᠠᠵᠤ ᠲᠦᠷᠢᠮᠵᠢᠬᠦᠯᠪᠡ      ᠤᠢᠢᠷ᠎ᠠ ᠶᠢᠨ ᠵᠢᠯ ᠳᠤ᠂ ᠤᠯᠤᠰ ᠤᠨ ᠨᠢᠭᠡᠲᠦᠯᠲᠡᠢ ᠰᠢᠯᠭᠠᠯᠳᠠ ᠳᠤ ᠬᠤᠪᠢ ᠨᠡᠮᠡᠬᠦ ᠲᠦᠷᠦ ᠶᠢᠨ ᠪᠤᠳᠤᠯᠭ᠎ᠠ ᠨᠢ ᠨᠡᠶᠢᠭᠡᠮ ᠨᠡᠶᠢᠳᠡ ᠶᠢᠨ ᠬᠢᠨ ᠤ ᠠᠩᠬᠠᠷᠤᠯ ᠢ ᠶᠡᠭᠡᠳᠡ ᠳᠠᠳᠠᠭᠰᠠᠨ ᠪᠠᠶᠢᠳᠠᠭ᠂ ᠡᠶᠢᠮᠦ ᠠᠴᠠ ᠡᠨᠡ ᠵᠢᠯ ᠤᠯᠤᠰ ᠤᠨ ᠨᠢᠭᠡᠲᠦᠯᠲᠡᠢ ᠰᠢᠯᠭᠠᠯᠳᠠ ᠳᠤ ᠬᠤᠪᠢ ᠨᠡᠮᠡᠬᠦ ᠲᠦᠷᠦᠯ ᠵᠦᠢᠯ ᠢ ᠤᠯᠠᠮ ᠨᠢᠭᠡ ᠠᠯᠬᠤᠮ ᠪᠠᠭᠠᠰᠬᠠᠵᠤ ᠲᠦᠷᠢᠮᠵᠢᠬᠦᠯᠵᠡᠢ᠃      ᠡᠨᠡ ᠵᠢᠯ ᠤᠨ 3 ᠰᠠᠷ᠎ᠠ ᠳᠤ ᠰᠤᠷᠭᠠᠨ ᠬᠦᠮᠦᠵᠢᠯ ᠤᠨ ᠶᠠᠮᠤᠨ 2018 ᠤᠨ ᠤ ᠡᠩ ᠤᠨ ᠶᠡᠭᠡ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠠᠵᠢᠯ ᠢ ᠪᠠᠶᠢᠷᠢᠯᠠᠭᠤᠯᠬᠤ ᠳᠠᠭᠠᠨ ᠤᠨᠴᠠᠭᠠᠢ ᠤᠷ᠎ᠠ ᠠᠪᠢᠶᠠᠰ ᠲᠠᠢ ᠰᠤᠷᠤᠭᠴᠢ ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠤᠯᠢᠮᠫᠢᠺ ᠤᠨ ᠤᠷᠤᠯᠳᠤᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠤᠨ ᠤᠷᠤᠯᠳᠤᠭᠠᠨ᠂ ᠮᠤᠵᠢ ᠶᠢᠨ ᠱᠠᠳᠤᠨ ᠤ ᠰᠢᠯᠢᠳᠡᠭ ᠰᠤᠷᠤᠭᠴᠢ᠂ ᠤᠯᠤᠰ ᠲᠦᠷᠦ ᠦᠵᠡᠯ ᠰᠠᠨᠠᠭ᠎ᠠ ᠶᠤᠰᠤ ᠰᠤᠷᠳᠠᠬᠤᠨ ᠤ ᠳᠤᠪᠤᠶᠢᠮ᠎ᠠ ᠦᠢᠯᠡ ᠠᠵᠢᠯᠯᠠᠭ᠎ᠠ ᠲᠠᠢ ᠵᠡᠷᠭᠡ ᠪᠦᠬᠦ ᠤᠯᠤᠰ ᠤᠨ ᠴᠢᠨᠠᠷᠳᠠᠢ ᠶᠡᠭᠡ ᠲᠡᠭᠡᠳᠦ ᠰᠤᠷᠭᠠᠭᠤᠯᠢ ᠶᠢᠨ ᠬᠤᠪᠢ ᠨᠡᠮᠡᠬᠦ ᠲᠦᠷᠦᠯ ᠵᠦᠢᠯ ᠢ ᠪᠦᠬᠦ ᠳᠠᠯ᠎ᠠ ᠪᠠᠷ ᠦᠭᠡᠶᠢᠰᠭᠡᠬᠦ ᠭᠡᠷᠡᠭᠳᠡᠢ ᠭᠡᠵᠦ ᠴᠢᠬᠤᠯᠠᠴᠢᠯᠠᠪᠠ᠃      4 ᠰᠠᠷ᠎ᠠ ᠳᠤ ᠪᠡᠭᠡᠵᠢᠩ ᠤᠨ ᠰᠤᠷᠭᠠᠨ ᠬᠦᠮᠦᠵᠢᠯ ᠤᠨ ᠰᠢᠯᠭᠠᠯᠳᠠ ᠶᠢᠨ ᠬᠦᠷᠢᠶᠡᠯᠡᠩ ᠮᠡᠳᠡᠭᠡ ᠨᠡᠶᠢᠳᠡᠯᠡᠵᠦ᠂ ᠡᠨᠡ ᠵᠢᠯ ᠠᠴᠠ ᠡᠬᠢᠯᠡᠨ ᠪᠡᠭᠡᠵᠢᠩ ᠬᠤᠳᠠ 5 ᠲᠦᠷᠦᠯ ᠤᠨ ᠬᠤᠪᠢ ᠨᠡᠮᠡᠬᠦ ᠲᠦᠷᠦᠯ ᠵᠦᠢᠯ ᠢ ᠦᠭᠡᠶᠢᠰᠭᠡᠵᠦ᠂ ᠡᠬᠦᠨ ᠳᠤ ᠮᠤᠵᠢ ᠶᠢᠨ ᠱᠠᠳᠤᠨ ᠤ ᠰᠢᠯᠢᠳᠡᠭ ᠰᠤᠷᠤᠭᠴᠢ᠂ ᠤᠯᠤᠰ ᠤᠨ ᠬᠤᠶᠠᠳᠤᠭᠠᠷ ᠲᠡᠰ ᠤᠨ ᠳᠠᠮᠢᠷᠴᠢᠨ ᠠᠴᠠ ᠲᠡᠭᠡᠭᠰᠢᠬᠢ ᠴᠤᠯᠠ ᠤᠯᠤᠭᠰᠠᠨ ᠰᠤᠷᠤᠭᠴᠢ᠂ ᠪᠦᠬᠦ ᠤᠯᠤᠰ ᠤᠨ ᠳᠤᠮᠳᠠᠳᠤ ᠰᠤᠷᠭᠠᠭᠤᠯᠢ ᠶᠢᠨ ᠬᠢᠴᠢᠶᠡᠯ ᠲᠦᠷᠦᠯ ᠤᠨ ᠤᠯᠢᠮᠫᠢᠺ ᠤᠨ ᠤᠷᠤᠯᠳᠤᠭᠠᠨ ᠤ ᠪᠦᠬᠦ ᠤᠯᠤᠰ ᠤᠨ ᠰᠢᠢᠳᠪᠦᠷᠢᠳᠦ ᠤᠷᠤᠯᠳᠤᠭᠠᠨ ᠤ ᠨᠢᠭᠡ᠂ ᠬᠤᠶᠠᠷ᠂ ᠭᠤᠷᠪᠠᠳᠤᠭᠠᠷ ᠲᠡᠰ ᠤᠨ ᠱᠠᠩᠨᠠᠯ ᠤᠯᠤᠭᠰᠠᠳ ᠢ ᠪᠠᠭᠳᠠᠭᠠᠨ᠎ᠠ ᠭᠡᠪᠡ᠃ ᠰᠢᠨᠵᠢᠶᠡᠩ ᠴᠤ ︽ᠦᠪᠡᠷᠲᠡᠭᠡᠨ ᠵᠠᠰᠠᠬᠤ ᠤᠷᠤᠨ ᠤ 2018 ᠤᠨ ᠤ ᠡᠩ ᠤᠨ ᠶᠡᠭᠡ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠠᠵᠢᠯ ᠤᠨ ᠳᠤᠭᠳᠠᠭᠠᠯ︾ ᠨᠡᠶᠢᠳᠡᠯᠡᠵᠦ᠂ 2018 ᠤᠨ ᠠᠴᠠ ᠡᠬᠢᠯᠡᠨ᠂ ᠭᠡᠰᠡᠭ ᠵᠤᠷᠢᠬᠵᠢᠭᠤᠯᠤᠯ ᠤᠨ ᠴᠢᠨᠠᠷᠳᠠᠢ ᠬᠤᠪᠢ ᠨᠡᠮᠡᠬᠦ ᠲᠦᠷᠦ ᠶᠢᠨ ᠪᠤᠳᠤᠯᠭ᠎ᠠ ᠶᠢ ᠦᠭᠡᠶᠢᠰᠭᠡᠵᠦ᠂ ᠡᠬᠦᠨ ᠳᠤ ᠪᠦᠬᠦ ᠤᠯᠤᠰ ᠤᠨ ᠳᠤᠮᠳᠠᠳᠤ ᠰᠤᠷᠭᠠᠭᠤᠯᠢ ᠶᠢᠨ ᠬᠢᠴᠢᠶᠡᠯ ᠲᠦᠷᠦᠯ ᠤᠨ ᠤᠯᠢᠮᠫᠢᠺ ᠤᠨ ᠤᠷᠤᠯᠳᠤᠭᠠᠨ ᠤ ᠪᠦᠬᠦ ᠤᠯᠤᠰ ᠤᠨ ᠰᠢᠢᠳᠪᠦᠷᠢᠳᠦ ᠤᠷᠤᠯᠳᠤᠭᠠᠨ ᠤ ᠨᠢᠭᠡ᠂ ᠬᠤᠶᠠᠷ᠂ ᠭᠤᠷᠪᠠᠳᠤᠭᠠᠷ ᠲᠡᠰ ᠤᠨ ᠱᠠᠩᠨᠠᠯ ᠤᠯᠤᠭᠰᠠᠳ᠂ ᠤᠯᠠᠨ ᠤᠯᠤᠰ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠳᠤᠮᠤ ᠱᠠᠩᠨᠠᠯᠳᠤ ᠤᠷᠤᠯᠳᠤᠭᠠᠨ ᠪᠤᠶᠤ ᠤᠯᠠᠨ ᠤᠯᠤᠰ ᠤᠨ ᠤᠷᠴᠢᠨ ᠳᠤᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠤᠯᠢᠮᠫᠢᠺ ᠤᠨ ᠤᠷᠤᠯᠳᠤᠭᠠᠨ ᠳᠤ ᠱᠠᠩᠨᠠᠯ ᠬᠦᠷᠲᠡᠭᠰᠡᠳ ᠵᠡᠷᠭᠡ ᠶᠢ ᠪᠠᠭᠳᠠᠭᠠᠨ᠎ᠠ ᠭᠡᠪᠡ᠃      ᠡᠬᠦᠨ ᠠᠴᠠ ᠭᠠᠳᠠᠨ᠎ᠠ᠂ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠳᠠ ᠳᠤ ᠬᠤᠪᠢ ᠨᠡᠮᠡᠬᠦ ᠬᠢᠷᠢ ᠭᠡᠮ ᠢ ᠬᠠᠭᠤᠷᠮᠠᠬᠯᠠᠨ ᠵᠤᠬᠢᠶᠠᠬᠤ ᠠᠰᠠᠭᠤᠳᠠᠯ ᠳᠤ ᠴᠢᠭᠯᠡᠬᠦᠯᠦᠨ᠂ ᠡᠯ᠎ᠡ ᠭᠠᠵᠠᠷ ᠤᠨ ᠬᠢᠨ ᠪᠠᠰᠠ ᠵᠤᠬᠢᠬᠤ ᠪᠠᠶᠢᠷᠢᠯᠠᠭᠤᠯᠤᠯᠳᠠ ᠬᠢᠪᠡ᠃ ᠵᠢᠱᠢᠶᠡᠯᠡᠪᠡᠯ ᠱᠠᠩᠬᠠᠢ ᠬᠤᠳᠠ ᠶᠢᠨ ᠰᠤᠷᠭᠠᠨ ᠬᠦᠮᠦᠵᠢᠯ ᠤᠨ ᠵᠦᠪᠯᠡᠯ 4 ᠰᠠᠷ᠎ᠠ ᠳᠤ ︽2018 ᠤᠨ ᠤ ᠱᠠᠩᠬᠠᠢ ᠬᠤᠳᠠ ᠶᠢᠨ ᠡᠩ ᠤᠨ ᠶᠡᠭᠡ ᠲᠡᠭᠡᠳᠦ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠨᠢᠭᠡᠳᠦᠯᠳᠡᠢ ᠰᠢᠯᠭᠠᠯᠳᠠ ᠪᠠᠷ ᠰᠤᠷᠤᠭᠴᠢ ᠡᠯᠰᠡᠬᠦ ᠠᠵᠢᠯ ᠤᠨ ᠠᠷᠭ᠎ᠠ︾ ᠶᠢ ᠨᠡᠶᠢᠳᠡᠯᠡᠵᠦ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠢᠨ ᠡᠷᠭᠡᠪᠰᠢ ᠢᠯᠡ ᠪᠠᠷ ᠨᠡᠶᠢᠳᠡᠯᠡᠨ᠂ ᠲᠡᠭᠡᠭᠰᠢ ᠮᠡᠳᠡᠬᠦᠯᠬᠦ᠂ ᠢᠯᠡ ᠪᠠᠷ ᠨᠡᠶᠢᠳᠡᠯᠡᠬᠦ ᠴᠠᠬ ᠢᠶᠠᠨ ᠴᠢᠩᠭ᠎ᠠ ᠲᠦᠷᠢᠮᠵᠢᠬᠦᠯᠵᠦ᠂ ᠶᠡᠭᠡ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠭᠡᠲᠦᠯᠲᠡᠢ ᠰᠢᠯᠭᠠᠯᠳᠠ ᠳᠤ ᠬᠤᠪᠢ ᠨᠡᠮᠡᠬᠦ ᠪᠠᠷ ᠭᠤᠶᠤᠴᠢᠯᠠᠭᠰᠠᠨ ᠰᠤᠷᠤᠭᠴᠢ ᠶᠢᠨ ᠬᠢᠷᠢ ᠭᠡᠮ ᠢ ᠬᠠᠮᠳᠤᠷᠠᠨ ᠬᠢᠨᠠᠨ ᠪᠠᠶᠢᠴᠠᠭᠠᠵᠤ᠂ ᠬᠢᠷᠢ ᠭᠡᠮ ᠢ ᠬᠠᠭᠤᠷᠮᠠᠭᠯᠠᠨ ᠵᠤᠬᠢᠶᠠᠬᠤ ᠶᠢ ᠰᠡᠷᠭᠡᠶᠢᠯᠡᠬᠦ ᠶᠢᠨ ᠬᠠᠮᠳᠤ ᠴᠤᠬᠢᠯᠳᠠ ᠦᠭᠬᠦ ᠭᠡᠷᠡᠭᠳᠡᠢ ᠭᠡᠵᠦ ᠱᠠᠭᠠᠷᠳᠠᠪᠠ᠃      — ᠮᠤᠵᠢ ᠬᠤᠪᠢᠶᠠᠨ ᠰᠤᠷᠤᠭᠴᠢ ᠡᠯᠰᠡᠬᠦ ᠲᠦᠯᠦᠪᠯᠡᠭᠡ ᠶᠢ ᠵᠦᠢ ᠵᠤᠬᠢᠰᠳᠠᠢ ᠳᠤᠭᠳᠠᠭᠠᠪᠠ      ᠡᠨᠡ ᠵᠢᠯ ᠤᠨ 3 ᠰᠠᠷ᠎ᠠ ᠳᠤ ᠰᠤᠷᠭᠠᠨ ᠬᠦᠮᠦᠵᠢᠯ ᠤᠨ ᠶᠠᠮᠤᠨ ᠤ ᠨᠡᠶᠢᠳᠡᠯᠡᠭᠰᠡᠨ ︽2018 ᠤᠨ ᠤ ᠡᠩ ᠤᠨ ᠶᠡᠭᠡ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠠᠵᠢᠯ ᠢ ᠰᠠᠶᠢᠳᠤᠷ ᠬᠢᠬᠦ ᠳᠤᠬᠠᠢ ᠮᠡᠳᠡᠭᠳᠡᠯ︾ ᠳᠤ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠰᠤᠷᠤᠭᠴᠢ ᠡᠯᠰᠡᠬᠦ ᠲᠦᠯᠦᠪᠯᠡᠭᠡ ᠶᠢᠨ ᠬᠠᠮᠢᠶᠠᠷᠤᠯᠳᠠ ᠪᠠᠨ ᠲᠡᠬᠦᠯᠳᠡᠷᠵᠢᠬᠦᠯᠵᠦ᠂ ᠮᠤᠵᠢ ᠬᠤᠪᠢᠶᠠᠨ ᠰᠤᠷᠤᠭᠴᠢ ᠡᠯᠰᠡᠬᠦ ᠤᠷᠤᠨ ᠳᠤᠭ᠎ᠠ ᠪᠠᠨ ᠵᠦᠢ ᠵᠤᠬᠢᠰᠳᠠᠢ ᠳᠤᠭᠳᠠᠭᠠᠬᠤ ᠭᠡᠷᠡᠭᠳᠡᠢ ᠭᠡᠵᠦ ᠵᠢᠭᠠᠵᠤ ᠭᠠᠷᠭᠠᠭᠰᠠᠨ ᠪᠦᠭᠡᠳ ︽ᠤᠯᠤᠰ ᠤᠨ ᠳᠤᠮᠳᠠ ᠪᠠᠷᠠᠭᠤᠨ ᠤᠷᠤᠨ ᠢ ᠲᠡᠮᠵᠢᠬᠦ ᠰᠤᠷᠤᠭᠴᠢ ᠡᠯᠰᠡᠬᠦ ᠬᠠᠮᠵᠢᠯᠴᠠᠭᠠᠨ ᠤ ᠲᠦᠯᠦᠪᠯᠡᠭᠡ︾ ᠶᠢ ᠦᠷᠬᠦᠯᠵᠢᠯᠡᠨ ᠭᠡᠷᠡᠭᠵᠢᠬᠦᠯᠵᠦ᠂ ᠳᠤᠮᠳᠠ ᠪᠠᠷᠠᠭᠤᠨ ᠤᠷᠤᠠ ᠤ ᠭᠠᠵᠠᠷ ᠤᠷᠤᠨ ᠵᠢᠴᠢ ᠬᠦᠮᠦᠨ ᠠᠮᠠ ᠤᠯᠠᠨ ᠮᠤᠵᠢ ᠠᠴᠠ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠤᠷᠮ᠎ᠠ ᠶᠢ ᠤᠯᠠᠮ ᠴᠢᠨᠠᠬᠰᠢᠳᠠ ᠲᠡᠭᠡᠭᠰᠢᠯᠡᠬᠦᠯᠬᠦ ᠭᠡᠷᠡᠭᠳᠡᠢ ᠭᠡᠵᠦ ᠱᠠᠭᠠᠷᠳᠠᠪᠠ᠃      ᠡᠬᠦᠨ ᠤ ᠬᠠᠮᠳᠤ᠂ ᠮᠡᠳᠡᠭᠳᠡᠯ ᠳᠤ ᠪᠠᠰᠠ ᠲᠦᠪ ᠬᠤᠷᠢᠶᠠᠨ ᠤ ᠰᠠᠯᠠᠭ᠎ᠠ ᠮᠦᠴᠢᠷ ᠲᠤ ᠬᠠᠷᠢᠶᠠᠯᠠᠬᠳᠠᠬᠤ ᠶᠡᠭᠡ ᠲᠡᠭᠡᠳᠦ ᠰᠤᠷᠭᠠᠭᠤᠯᠢ ᠶᠢᠨ ᠬᠢᠨ ᠰᠤᠷᠭᠠᠭᠤᠯᠢ ᠳᠤ ᠤᠷᠤᠬᠤ ᠳᠤᠬᠢᠶᠠᠯ ᠡᠷᠭᠡ ᠲᠡᠭᠰᠢ ᠪᠠᠶᠢᠬᠤ ᠶᠢ ᠠᠬᠢᠭᠤᠯᠬᠤ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠳᠡᠢ ᠬᠦᠢᠴᠡᠳᠭᠡᠵᠦ᠂ ᠡᠯ᠎ᠡ ᠭᠠᠵᠠᠷ ᠤᠨ ᠴᠢᠳᠠᠪᠤᠷᠢᠳᠠᠨ ᠤ ᠭᠡᠷᠡᠭᠴᠡᠭᠡ ᠱᠠᠭᠠᠷᠳᠠᠯᠭ᠎ᠠ ᠶᠢᠨ ᠳᠤᠬᠠᠢ ᠵᠠᠳᠠᠯᠤᠯᠳᠠ ᠲᠦᠰᠦᠭᠡᠯᠡᠯ ᠢ ᠴᠢᠩᠭᠠᠳᠬᠠᠨ᠂ ᠬᠠᠷᠢᠶ᠎ᠠ ᠤᠷᠤᠨ ᠠᠴᠠ ᠰᠤᠷᠤᠭᠴᠢ ᠡᠯᠰᠡᠬᠦ ᠲᠦᠯᠦᠪᠯᠡᠭᠡᠨ ᠤ ᠬᠠᠷᠢᠴᠠᠯ ᠢᠶᠠᠨ ᠴᠢᠩᠭ᠎ᠠ ᠬᠢᠵᠠᠭᠠᠷᠯᠠᠨ᠂ ᠮᠤᠵᠢ ᠬᠤᠪᠢᠶᠠᠨ ᠰᠤᠷᠤᠭᠴᠢ ᠡᠯᠰᠡᠬᠦ ᠲᠦᠯᠦᠪᠯᠡᠭᠡ ᠪᠠᠨ ᠵᠦᠢ ᠵᠤᠬᠢᠰᠳᠠᠢ ᠳᠤᠭᠳᠠᠭᠠᠵᠤ᠂ ᠭᠤᠤᠯᠳᠠᠯᠭ᠎ᠠ ᠲᠠᠢ ᠶᠡᠭᠡ ᠲᠡᠭᠡᠳᠦ ᠰᠤᠷᠭᠠᠭᠤᠯᠢ ᠳᠤ ᠡᠯᠰᠡᠭᠳᠡᠬᠦ ᠰᠤᠷᠤᠭᠴᠢ ᠶᠢᠨ ᠬᠠᠷᠢᠴᠠᠯ ᠨᠢ ᠬᠠᠷᠢᠴᠠᠩᠭᠤᠢ ᠪᠠᠷ ᠨᠠᠯᠢᠶᠠᠳ ᠳᠤᠤᠷ᠎ᠠ ᠪᠠᠶᠢᠭ᠎ᠠ ᠮᠤᠵᠢ ᠲᠡᠰᠢ ᠭᠡᠯᠪᠠᠶᠢᠬᠦ ᠭᠡᠷᠡᠭᠳᠡᠢ ᠭᠡᠵᠦ ᠲᠤᠭᠳᠠᠭᠠᠵᠠᠢ      — ᠤᠯᠠᠩᠬᠢ ᠭᠠᠵᠠᠷ ᠤᠨ ᠬᠢᠨ ᠰᠤᠷᠤᠭᠴᠢ ᠡᠯᠰᠡᠬᠦ ᠪᠦᠯᠦᠭ ᠤᠳᠠᠭ᠎ᠠ ᠶᠢ ᠨᠡᠶᠢᠯᠡᠬᠦᠯᠪᠡ      ᠤᠢᠢᠯᠠᠭᠠᠭᠰᠠᠨ ᠢᠶᠠᠷ᠂ ᠱᠠᠩᠬᠠᠢ᠂ ᠵᠧᠵᠢᠶᠠᠩ᠂ ᠱᠠᠨᠳᠦ᠋ᠩ᠂ ᠬᠠᠶᠢᠨᠠᠨ ᠵᠡᠷᠭᠡ ᠤᠯᠠᠨ ᠭᠠᠵᠠᠷ ᠰᠤᠷᠤᠭᠴᠢ ᠡᠯᠰᠡᠬᠦ ᠪᠦᠯᠦᠭ ᠤᠳᠠᠭ᠎ᠠ ᠶᠢ ᠨᠡᠶᠢᠯᠡᠬᠦᠯᠵᠤ ᠳᠤᠬᠢᠷᠠᠭᠤᠯᠤᠯᠳᠠ ᠬᠢᠭᠰᠡᠨ ᠤ ᠳᠠᠷᠠᠭ᠎ᠠ᠂ ᠲᠢᠶᠠᠨᠵᠢᠨ᠂ ᠭᠤᠸᠠᠩᠳᠦ᠋ᠩ᠂ ᠯᠢᠶᠤᠤᠨᠢᠩ ᠵᠡᠷᠭᠡ ᠮᠤᠵᠢ ᠬᠤᠳᠠ ᠴᠤ ᠡᠨᠡ ᠵᠢᠯ ᠠᠴᠠ ᠡᠬᠢᠯᠡᠨ ᠰᠤᠷᠤᠭᠴᠢ ᠡᠯᠰᠡᠬᠦ ᠪᠦᠯᠦᠭ ᠤᠳᠠᠭᠠᠨ ᠤ ᠦᠭᠡᠷᠡᠴᠢᠯᠡᠯᠳᠡ ᠪᠠᠨ ᠡᠬᠢᠯᠡᠬᠦᠯᠪᠡ᠃      ᠲᠢᠶᠠᠨᠵᠢᠨ ᠬᠤᠳᠠ ᠶᠢᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠬᠦᠷᠢᠶᠡᠯᠡᠩ 4 ᠰᠠᠷ᠎ᠠ ᠳᠤ 2018 ᠤᠨ ᠳᠤ ᠶᠡᠭᠡ ᠲᠡᠭᠡᠳᠦ ᠰᠤᠷᠭᠠᠭᠤᠯᠢ ᠶᠢᠨ ᠵᠢᠩᠭᠢᠨᠢ ᠠᠩᠬᠢ ᠳᠤ ᠰᠤᠷᠤᠭᠴᠢ ᠡᠯᠰᠡᠬᠦ ᠪᠦᠯᠦᠭ ᠤᠳᠠᠭ᠎ᠠ ᠶᠢ ᠨᠡᠶᠢᠯᠡᠬᠦᠯᠵᠦ᠂ ᠵᠢᠩᠭᠢᠨᠢ ᠠᠩᠬᠢ ᠶᠢᠨ ᠨᠢᠭᠡᠳᠦᠭᠡᠷ ᠪᠦᠯᠦᠭ᠂ ᠬᠤᠶᠠᠳᠤᠭᠠᠷ ᠪᠦᠯᠦᠭ ᠢ ᠨᠡᠶᠢᠯᠡᠬᠦᠯᠦᠭᠡᠳ ᠡᠩ ᠤᠨ ᠵᠢᠩᠭᠢᠨᠢ ᠠᠩᠬᠢ ᠳᠤ ᠵᠦᠪᠭᠡᠨ ᠨᠢᠭᠡᠯᠡ ᠪᠦᠯᠦᠭ ᠤᠳᠠᠭ᠎ᠠ ᠪᠠᠷ ᠰᠤᠷᠤᠭᠴᠢ ᠡᠯᠰᠡᠬᠦ ᠪᠤᠯᠭᠠᠨ᠎ᠡ ᠭᠡᠪᠠ᠃ ᠯᠢᠶᠤᠤᠨᠢᠩ ᠮᠤᠵᠢ 2018 ᠤᠨ ᠤ ᠡᠩ ᠤᠨ ᠶᠡᠭᠡ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠳᠡᠭᠡᠨ ᠤᠷᠠᠯᠢᠬ ᠤᠨ ᠲᠦᠷᠦᠯ ᠤᠨ ᠵᠢᠩᠭᠢᠨᠢ ᠠᠩᠬᠢ ᠳᠤ ᠰᠤᠷᠤᠭᠴᠢ ᠡᠯᠰᠡᠬᠦ ᠶᠢ ᠵᠢᠩᠭᠢᠨᠢ ᠠᠩᠬᠢ ᠶᠢᠨ ᠤᠷᠢᠳᠠᠴᠢ ᠪᠦᠯᠦᠭ ᠰᠤᠷᠤᠭᠴᠢ ᠡᠯᠰᠡᠬᠦ ᠪᠤᠯᠭᠠᠨ᠂ ᠵᠢᠩᠭᠢᠨᠢ ᠠᠩᠬᠢ ᠶᠢᠨ ᠨᠢᠭᠡᠳᠦᠭᠡᠷ᠂ ᠬᠤᠶᠠᠳᠤᠭᠠᠷ ᠪᠦᠯᠦᠭ ᠢ ᠨᠡᠶᠢᠯᠡᠬᠦᠯᠦᠭᠡᠳ ᠵᠢᠩᠭᠢᠨᠢ ᠠᠩᠬᠢ ᠶᠢᠨ ᠪᠦᠯᠦᠭ ᠲᠤ ᠤᠷᠤᠭᠤᠯᠪᠠ᠃ ᠭᠤᠸᠠᠩᠳᠦ᠋ᠩ ᠮᠤᠵᠢ ᠴᠤ 2018 ᠤᠨ ᠤ ᠡᠩ ᠤᠨ ᠶᠡᠭᠡ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠶᠢ ᠵᠢᠩᠭᠢᠨᠢ ᠠᠩᠬᠢ ᠪᠠ ᠳᠤᠰᠬᠠᠢ ᠮᠡᠷᠭᠡᠵᠢᠯ ᠤᠨ ᠠᠩᠬᠢ ᠭᠡᠵᠦ ᠬᠤᠶᠠᠷ ᠪᠦᠯᠦᠭ ᠬᠤᠪᠢᠶᠠᠵᠠᠢ᠃      — ᠰᠢᠯᠭᠠᠯᠳᠠ ᠶᠢᠨ ᠬᠠᠭᠤᠳᠠᠰᠤᠨ ᠤ ᠠᠮᠤᠷ ᠲᠦᠪᠰᠢᠨ ᠢ ᠦᠨᠡᠨᠬᠦ ᠪᠠᠳᠤᠯᠠᠨ᠎ᠠ       ᠵᠢᠯ ᠪᠦᠷᠢ ᠶᠢᠨ ᠤᠯᠤᠰ ᠤᠨ ᠨᠢᠭᠡᠲᠦᠯᠲᠡᠢ ᠰᠢᠯᠭᠠᠯᠲᠠ ᠬᠦᠷᠴᠦ ᠢᠷᠡᠬᠦ ᠲᠠᠰᠢᠷᠠᠮ ᠢᠶᠠᠷ᠂ ᠰᠢᠯᠭᠠᠯᠳᠠ ᠶᠢᠨ ᠰᠤᠷᠳᠠᠯ ᠰᠠᠬᠢᠯᠭ᠎ᠠ ᠪᠠᠲᠦ ᠶᠢᠨ ᠠᠰᠠᠭᠤᠳᠠᠯ ᠨᠡᠶᠢᠭᠡᠮ ᠨᠡᠶᠢᠳᠡ ᠶᠢᠨ ᠬᠢᠨ ᠤ ᠠᠩᠬᠠᠷᠤᠯ ᠢ ᠶᠡᠭᠡᠳᠡ ᠳᠠᠳᠠᠳᠠᠭ᠃      ᠰᠤᠷᠭᠠᠨ ᠬᠦᠮᠦᠵᠢᠯ ᠤᠨ ᠶᠠᠮᠤᠨ ᠤ 3 ᠰᠠᠷ᠎ᠠ ᠳᠤ ᠨᠡᠶᠢᠳᠡᠯᠡᠭᠰᠡᠨ ︽2018 ᠤᠨ ᠤ ᠡᠩ ᠤᠨ ᠶᠡᠭᠡ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠠᠵᠢᠯ ᠢ ᠰᠠᠶᠢᠳᠤᠷ ᠬᠢᠬᠦ ᠳᠤᠬᠠᠢ ᠮᠡᠳᠡᠭᠳᠡᠯ︾ ᠳᠤ᠂ ᠰᠢᠯᠭᠠᠯᠳᠠ ᠳᠤ ᠬᠤᠯᠪᠤᠭᠳᠠᠬᠤ ᠰᠦᠯᠵᠢᠶᠠᠨ ᠤ ᠤᠷᠴᠢᠨ ᠳᠤᠭᠤᠷᠢᠨ ᠢ ᠴᠡᠪᠡᠷᠯᠡᠵᠦ᠂ ᠬᠡᠮ ᠬᠢᠬᠦ ᠪᠠᠭᠠᠵᠢ ᠪᠤᠷᠤᠯᠠᠭᠤᠯᠬᠤ ᠳᠤ ᠴᠤᠬᠢᠯᠳᠠ ᠦᠭᠬᠦᠨ᠂ ᠰᠢᠯᠭᠠᠯᠳᠠ ᠶᠢᠨ ᠴᠢᠬ ᠤᠨ ᠬᠠᠪᠢ ᠪᠠᠷ ᠬᠢ ᠤᠷᠴᠢᠨ ᠳᠤᠭᠤᠷᠢᠨ ᠢ ᠴᠡᠪᠡᠷᠯᠡᠵᠦ᠂ ᠤᠷᠤᠯᠠᠨ ᠰᠢᠯᠭᠠᠭᠤᠯᠵᠤ ᠬᠡᠮ ᠬᠢᠬᠦ ᠵᠡᠷᠭᠡ ᠳᠤ ᠴᠤᠬᠢᠯᠳᠠ ᠦᠭᠬᠦ ᠳᠤᠰᠬᠠᠢ ᠲᠦᠷᠦᠯ ᠤᠨ ᠠᠵᠢᠯᠯᠠᠭ᠎ᠠ ᠦᠷᠨᠢᠭᠦᠯᠬᠦ ᠭᠡᠷᠡᠭᠳᠡᠢ︔ ᠮᠤᠵᠢ ᠶᠢᠨ ᠱᠠᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠰᠤᠷᠤᠭᠴᠢ ᠡᠯᠰᠡᠬᠦ ᠰᠢᠯᠭᠠᠯᠳᠠ ᠶᠢᠨ ᠪᠠᠶᠢᠭᠤᠯᠤᠮᠵᠢ ᠶᠢᠨ ᠬᠢᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ ᠠᠵᠢᠯ ᠢ ᠳᠤᠪᠤᠶᠢᠮ᠎ᠠ ᠪᠠᠶᠢᠷᠢᠨ ᠳᠤ ᠳᠠᠯᠪᠢᠵᠤ᠂ ᠰᠢᠯᠭᠠᠯᠳᠠ ᠶᠢᠨ ᠬᠠᠭᠤᠳᠠᠰᠤ ᠶᠢ ᠬᠠᠳᠠᠭᠠᠯᠠᠬᠤ ᠰᠢᠯᠵᠢᠬᠦᠯᠬᠦ ᠭᠤᠭᠴᠤᠭ᠎ᠠ ᠶᠢᠨ ᠪᠦᠬᠦ ᠶᠠᠪᠤᠴᠠ᠂ ᠪᠦᠬᠦ ᠭᠡᠯᠬᠢᠶᠡᠨ ᠤ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠨ᠂ ᠰᠢᠯᠭᠠᠯᠳᠠ ᠶᠢᠨ ᠬᠠᠭᠤᠳᠠᠰᠤᠨ ᠤ ᠬᠠᠷᠢᠴᠠᠯᠠᠰᠢ ᠦᠭᠡᠢ ᠠᠮᠤᠷ ᠲᠦᠪᠰᠢᠨ ᠪᠠᠶᠢᠬᠤ ᠶᠢ ᠦᠨᠡᠨᠬᠦ ᠪᠠᠳᠤᠯᠠᠬᠤ ᠭᠡᠷᠡᠭᠳᠡᠢ ᠭᠡᠵᠦ ᠵᠢᠭᠠᠵᠤ ᠭᠠᠷᠭᠠᠪᠠ᠃      ᠡᠬᠦᠨ ᠠᠴᠠ ᠭᠠᠳᠠᠨ᠎ᠠ ᠮᠡᠳᠡᠭᠳᠡᠯ ᠳᠤ ᠪᠠᠰᠠ ᠴᠢᠬᠤᠯᠠᠴᠢᠯᠠᠭᠰᠠᠨ ᠢᠶᠠᠷ᠂ ᠪᠠᠷᠢᠮᠵᠢᠶᠠᠵᠢᠬᠰᠠᠨ ᠰᠢᠯᠭᠠᠯᠳᠠ ᠶᠢᠨ ᠴᠢᠬ ᠤᠨ ᠬᠠᠮᠢᠶᠠᠷᠤᠯᠳᠠ ᠶᠢ ᠴᠢᠩᠭᠠᠳᠬᠠᠵᠤ᠂ ᠰᠢᠯᠭᠠᠯᠳᠠ ᠶᠢᠨ ᠴᠢᠬ ᠲᠤ ᠤᠷᠤᠬᠤ ᠡᠬᠦᠳᠡ ᠶᠢ ᠰᠠᠶᠢᠳᠤᠷ ᠰᠠᠬᠢᠨ᠂ ᠰᠢᠯᠭᠠᠯᠳᠠ ᠶᠢᠨ ᠶᠠᠪᠤᠳᠠᠯ ᠤᠨ ᠭᠡᠷᠡᠭᠵᠢᠬᠦᠯᠦᠯᠳᠡ ᠪᠡ ᠰᠢᠯᠭᠠᠯᠳᠠ ᠶᠢᠨ ᠳᠠᠯᠠᠪᠠᠢ ᠶᠢᠨ ᠬᠠᠮᠢᠶᠠᠷᠤᠯᠳᠠ ᠶᠢ ᠴᠢᠩᠭ᠎ᠠ ᠠᠳᠬᠤᠨ᠂ ᠰᠢᠯᠭᠠᠯᠳᠠ ᠶᠢᠨ ᠰᠤᠷᠳᠠᠯ ᠰᠠᠬᠢᠯᠭ᠎ᠠ ᠪᠠᠲᠦ ᠨᠢᠭᠲᠠ ᠴᠢᠩᠭ᠎ᠠ᠂ ᠡᠮᠬᠢ ᠴᠡᠭᠴᠡ ᠲᠠᠢ ᠪᠠᠶᠢᠬᠤ ᠶᠢ ᠦᠨᠡᠨᠬᠦ ᠪᠠᠳᠤᠯᠠᠬᠤ ᠭᠡᠷᠡᠭᠳᠡᠢ ᠭᠡᠵᠠᠢ᠃ ︵︽ᠰᠢᠨᠬᠤᠸ᠋ᠨ ᠰᠥᠯᠵᠢᠶ᠎ᠠ︾ ᠠᠴᠠ ᠠᠪᠤᠪᠠ︶
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号