ᠲᠡᠯᠡᠬᠡᠢ ᠶᠢᠨ ᠨᠠᠶᠢᠷᠠᠯ ᠲᠠᠭᠤᠨ ᠤ ᠰᠢᠯᠢᠳᠡᠭ ᠪᠠᠭ ᠤᠳ ᠦᠪᠦᠷ ᠮᠤᠩᠭᠤᠯ ᠳᠤ ᠴᠤᠭᠯᠠᠷᠠᠨ᠎ᠠ
ᠨᠡᠶᠢᠲᠡᠯᠡᠭᠰᠡᠨ ᠴᠠᠭ᠄
2018/5/29
      ᠰᠢᠨᠬᠤᠸᠠ ᠮᠤᠩᠭᠤᠯ ᠨᠧᠲ ᠬᠦᠬᠡᠬᠤᠳᠠ ᠶᠢᠨ 5 ᠰᠠᠷ᠎ᠠ ᠶᠢᠨ 28 ᠤ ᠡᠳᠤᠷ ᠤᠨ ᠴᠠᠬᠢᠯᠭᠠᠨ ᠮᠡᠳᠡᠭᠡ ︵ᠪᠠᠢ ᠯᠢᠩ ᠳ᠋ᠢ︶ 27 ᠤ ᠡᠳᠤᠷ᠂ ᠦᠪᠦᠷ ᠮᠤᠩᠭᠤᠯ ᠤᠨ ᠦᠨᠳᠤᠰᠦᠳᠡᠨ ᠤ ᠤᠷᠠᠯᠢᠭ ᠤᠨ ᠵᠦᠴᠦᠬᠡ ᠶᠢᠨ ᠬᠦᠷᠢᠶᠡᠯᠡᠩ ᠠᠴᠠ ᠤᠶᠢᠯᠠᠭᠠᠭᠰᠠᠨ ᠢᠶᠠᠷ᠂ ᠤᠯᠠᠨ ᠤᠯᠤᠰ ᠤᠨ ᠨᠠᠶᠢᠷᠠᠯ ᠲᠠᠭᠤᠨ ᠤ ᠬᠤᠯᠪᠤᠭ᠎ᠠ ᠨᠤᠭᠤᠳ ᠤᠨ ᠨᠦᠬᠦᠷᠰᠡᠭ ᠬᠠᠷᠢᠯᠴᠠᠭ᠎ᠠ ᠪᠠᠨ ᠬᠦᠨᠵᠡᠬᠡᠶᠢᠷᠡᠬᠦᠯᠬᠦ ᠪᠠᠷ ᠵᠤᠷᠢᠯᠭ᠎ᠠ ᠪᠤᠯᠭᠠᠭᠰᠠᠨ ᠤᠯᠠᠨ ᠤᠯᠤᠰ ᠤᠨ ᠴᠢᠨᠠᠷᠲᠠᠢ ᠲᠤᠮᠤ ᠤᠪᠤᠷ ᠤᠨ ᠤᠷᠠᠯᠢᠭ ᠤᠨ ᠴᠢᠭᠤᠯᠭᠠᠨ -- 2018 ᠤᠨ ᠤ ︽ᠨᠢᠬᠡ ᠪᠦᠰᠡ ᠨᠢᠬᠡ ᠵᠠᠮ︾ ᠤᠯᠠᠨ ᠤᠯᠤᠰ ᠤᠨ ᠨᠠᠶᠢᠷᠠᠯ ᠲᠠᠭᠤᠨ ᠤ ᠲᠤᠭᠯᠠᠯᠳᠠ 7 ᠰᠠᠷ᠎ᠠ ᠶᠢᠨ 5-17 ᠤ ᠡᠳᠤᠷ ᠪᠤᠯᠳᠠᠯ᠎ᠠ ᠦᠪᠦᠷ ᠮᠤᠩᠭᠤᠯ ᠳᠤ ᠵᠤᠬᠢᠶᠠᠨ ᠪᠠᠶᠢᠭᠤᠯᠤᠭᠳᠠᠬᠤ ᠪᠤᠯᠤᠨ᠎ᠠ᠃      ᠲᠤᠰ ᠤᠳᠠᠭᠠᠨ ᠤ ᠨᠠᠶᠢᠷᠠᠯ ᠲᠠᠭᠤᠨ ᠤ ᠲᠤᠭᠯᠠᠯᠳᠠ ᠳᠤ ᠲᠠᠪᠤᠨ ᠲᠢᠪ ᠤᠨ 48 ᠤᠯᠤᠰ ᠤᠨ 68 ᠤᠷᠠᠯᠢᠭᠴᠢᠨ ᠢᠶᠠᠷ ᠪᠦᠷᠢᠯᠳᠤᠭ᠍ᠰᠡᠨ ᠲᠡᠯᠡᠬᠡᠢ ᠶᠢᠨ ᠵᠠᠯᠠᠭᠤᠴᠤᠳ ᠤᠨ ᠨᠠᠶᠢᠷᠠᠯ ᠲᠠᠭᠤᠨ ᠤ ᠪᠠᠭ ᠤᠷᠤᠯᠴᠠᠬᠤ ᠲᠡᠳᠤᠢ ᠦᠭᠡᠢ ᠢᠲ᠋ᠠᠯᠢ᠂ ᠠᠷᠭᠧᠨ᠋ᠲ᠋ᠢᠨ᠂ ᠺᠠᠨᠠᠳᠠ᠂ ᠲᠠᠶᠢᠯᠠᠨᠳ᠋᠂ ᠬᠠᠩᠭᠠᠷᠢ᠂ ᠭᠠᠪᠤᠨ ᠵᠡᠷᠬᠡ ᠤᠯᠤᠰ ᠤᠳ ᠤᠨ ᠨᠠᠶᠢᠷᠠᠯ ᠲᠠᠭᠤᠨ ᠤ ᠰᠢᠯᠢᠳᠡᠭ ᠪᠠᠭ ᠪᠤᠯᠤᠨ ᠤᠯᠤᠰ ᠤᠨ ᠲᠤᠳᠤᠭᠠᠳᠤ ᠶᠢᠨ ᠨᠠᠶᠢᠷᠠᠯ ᠲᠠᠭᠤᠨ ᠤ ᠤᠯᠠᠨ ᠪᠠᠭ ᠤᠨ ᠨᠡᠶᠢᠳᠡ 500 ᠭᠠᠷᠤᠢ ᠤᠷᠠᠯᠢᠭᠴᠢᠨ ᠬᠤᠷᠠᠨ ᠴᠤᠭᠯᠠᠷᠠᠬᠤ ᠪᠤᠯᠤᠨ᠎ᠠ᠃      ᠡᠨᠡᠬᠦ ᠬᠤᠭᠤᠴᠠᠭᠠᠨ ᠳᠤ᠂ ᠤᠷᠠᠯᠢᠭᠴᠢᠳ ᠮᠠᠨᠢ ᠦᠪᠦᠷ ᠮᠤᠩᠭᠤᠯ ᠤᠨ ᠬᠦᠬᠡᠬᠤᠳᠠ᠂ ᠪᠤᠭᠤᠳᠤ᠂ ᠤᠷᠳᠤᠰ ᠬᠤᠳᠠ ᠪᠠᠷ ᠨᠡᠶᠢᠳᠡ ᠶᠢᠨ ᠬᠠᠯᠠᠮᠵᠢ ᠶᠢᠨ ᠴᠢᠨᠠᠷᠲᠠᠢ ᠲᠤᠭᠯᠠᠯᠳᠠ ᠭᠠᠷᠭᠠᠬᠤ ᠪᠠᠷ ᠪᠠᠷᠠᠬᠤ ᠦᠭᠡᠢ ᠤᠷᠠᠯᠢᠭ ᠤᠨ ᠡᠷᠬᠢᠮᠰᠦᠭ ᠰᠠᠶᠢᠬᠠᠨ ᠢ ᠢᠯᠡᠷᠡᠬᠦᠯᠵᠤ᠂ ᠰᠤᠨᠢᠷᠬᠠᠭᠴᠢᠳ ᠤᠨ ᠭᠤ ᠤᠠ᠋ ᠲᠠᠭᠠᠰᠢᠶᠠᠯ ᠤᠨ ᠲᠦᠪᠰᠢᠨ ᠢ ᠴᠤ ᠲᠡᠭᠡᠭᠰᠢᠯᠡᠬᠦᠯᠬᠦ ᠪᠤᠯᠤᠨ᠎ᠠ᠃      2018 ᠤᠨ ᠤ ︽ᠨᠢᠬᠡ ᠪᠦᠰᠡ ᠨᠢᠬᠡ ᠵᠠᠮ︾ ᠤᠯᠠᠨ ᠤᠯᠤᠰ ᠤᠨ ᠨᠠᠶᠢᠷᠠᠯ ᠲᠠᠭᠤᠨ ᠤ ᠲᠤᠭᠯᠠᠯᠳᠠ ᠶᠢᠨ ᠬᠦᠳᠦᠯᠪᠦᠷᠢ ᠶᠢ ᠬᠦᠰᠦᠨᠤᠭ᠍ᠳᠤ ᠪᠠᠷ ᠲᠠᠭᠠᠯᠳᠤᠭᠤᠯᠪᠠ᠃
ᠢᠷᠡᠯᠲᠡ᠄ ᠰᠢᠨᠬᠤᠸᠠ ᠮᠤᠩᠭᠤᠯ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ