| | 4 ᠳ᠋ᠦ᠋ᠭᠡᠷ ᠰᠠᠷ᠎ᠠ ᠶᠢᠨ 28 ᠤ ᠡᠳᠦᠷ᠂ ᠴᠢᠩ ᠱᠦᠢ ᠾᠧ ᠰᠢᠶᠠᠨ ᠳᠠᠪᠤᠰᠤᠨ ᠤ ᠦᠢᠯᠡᠰ ᠤᠨ | ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠦᠬᠦ ᠰᠢᠶᠠᠨ ᠤ ᠳᠠᠪᠤᠰᠤᠨ ᠤ | ᠦᠢᠯᠡᠰ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃ | ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠠᠵᠤ ᠠᠬᠤᠶ | ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠱᠢ ᠶᠦᠩ ᠫᠢᠩ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠥᠬᠦᠢ ᠨᠢᠭᠡᠴᠡ ᠨᠦᠭᠦᠳ ᠦᠵᠡᠯ ᠰᠠᠨᠠᠭ᠎ᠠ ᠪᠠᠨ | ᠨᠢᠭᠡᠳᠬᠡᠨ ᠲᠠᠨᠢᠯᠲᠠ ᠪᠠᠨ ᠳᠡᠭᠡᠭᠰᠢᠯᠡᠭᠦᠯᠵᠦ᠂ ᠳᠠᠪᠤᠰᠤᠨ ᠤ ᠦᠢᠯᠡᠰ ᠤᠨ ᠪᠠᠶᠢᠭᠤᠯᠤᠯ ᠤᠨ ᠥᠭᠡᠷᠡᠴᠢᠯᠡᠯᠲᠡ ᠶᠢᠨ | ᠲᠤᠯᠭᠠᠮ᠎ᠠ ᠴᠢᠨᠠᠷ ᠪᠣᠯᠤᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠵᠤ᠂ ᠥᠭᠡᠷᠡᠴᠢᠯᠡᠯᠲᠡ ᠶᠢᠨ ᠠᠵᠢᠯ ᠢ ᠰᠠᠶᠢᠲᠤᠷ | ᠬᠢᠬᠦ ᠬᠡᠷᠡᠭᠲᠡᠶ᠃ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠂ ᠳᠡᠭᠡᠳᠦ ᠬᠡᠮᠵᠢᠶ᠎ᠡ ᠪᠠᠷ ᠬᠦᠨᠳᠦᠳᠬᠡᠵᠦ᠂ ᠳᠠᠪᠤᠰᠤᠨ ᠤ | ᠦᠢᠯᠡᠰ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ | ᠬᠦᠴᠦ ᠪᠠᠷ ᠢᠶᠠᠨ ᠰᠠᠶᠢᠲᠤᠷ ᠠᠳᠬᠤᠵᠤ᠂ ᠡᠭᠦᠷᠭᠡ ᠲᠤᠰᠢᠶᠠᠯ ᠤᠨ ᠬᠤᠪᠢᠶᠠᠷᠢᠯᠠᠨ ᠰᠢᠯᠵᠢᠭᠦᠯᠬᠦ ᠠᠵᠢᠯ ᠢ | ᠣᠨᠴᠠᠭᠠᠶᠢᠯᠠᠨ ᠰᠠᠶᠢᠲᠤᠷ ᠠᠳᠬᠤᠬᠤ ᠬᠡᠷᠡᠭᠲᠡᠶ᠃ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢᠨ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠣᠨ ᠤᠳᠤᠷᠢᠳᠬᠤ ᠪᠠᠨ ᠴᠢᠩᠭᠠᠳᠬᠠᠨ᠂ ᠶᠠᠷᠢᠶ᠎ᠠ | ᠬᠡᠯᠡᠯᠴᠡᠭᠡᠨ ᠤ ᠤᠬᠠᠭᠤᠯᠭ᠎ᠠ ᠶᠢ ᠴᠢᠩᠭᠠᠷᠠᠭᠤᠯᠵᠤ᠂ ᠮᠠᠨ ᠤ ᠰᠢᠶᠠᠨ ᠤ ᠳᠠᠪᠤᠰᠤᠨ ᠤ ᠦᠢᠯᠡᠰ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠠᠵᠢᠯ ᠤᠨ ᠬᠠᠷᠠᠯᠲᠠᠲᠤ ᠡᠭᠦᠷᠭᠡ ᠶᠢᠨ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ ᠭᠡᠪᠡ᠃ | ᠬᠤᠷᠠᠯ ᠳᠤ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠶᠠᠩ ᠶᠦᠩ ᠠᠴᠠ ︽ | ᠴᠢᠩ ᠱᠦᠢ ᠾᠧ ᠰᠢᠶᠠᠨ ᠤ ᠳᠠᠪᠤᠰᠤᠨ ᠤ ᠦᠢᠯᠡᠰ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ | ᠲᠥᠰᠦᠯ︾ ᠢ ᠤᠩᠰᠢᠨ ᠨᠡᠶᠢᠲᠡᠯᠡᠪᠡ᠃ | ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠠᠵᠤ ᠠᠬᠤᠶ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ | ᠲᠣᠭᠠᠨ ᠤ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ | ᠢᠳᠡᠭᠡᠨ ᠡᠮ ᠤᠨ ᠵᠦᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶ᠎ᠠ᠂ ᠳᠠᠪᠤᠰᠤᠨ ᠤ ᠶᠠᠪᠤᠳᠠᠯ ᠤᠨ ᠺᠣᠮᠫᠠᠨᠢ ᠶᠢᠨ | ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | |