ᠵᠠᠰᠠᠭ ᠤᠨ ᠣᠷᠳᠣᠨ ᠤ ᠵᠠᠷᠯᠢᠭ ﹇2018﹈ 9 ᠳ᠋ᠦ᠋ᠭᠡᠷ ᠲᠣᠭᠠᠲᠤ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽︿ᠬᠥᠬᠡᠬᠤᠲᠠ ᠶᠢᠨ ᠮᠢᠬᠠᠨ ᠤ ᠵᠦᠢᠯ ᠢᠳᠡᠰᠢᠨ | ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠳᠤ ᠵᠠᠰᠠᠪᠤᠷᠢ | ᠣᠷᠣᠭᠤᠯᠬᠤ ᠲᠤᠬᠠᠶ ᠲᠣᠭᠲᠠᠭᠠᠯ ︾ ᠢ 2018 ᠤᠨ ᠤ 2 ᠳ᠋ᠤᠭᠠᠷ ᠰᠠᠷ᠎ᠠ ᠶᠢᠨ 8 ᠤ ᠡᠳᠤᠷ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠠᠴᠠ ᠬᠢᠨᠠᠨ ᠶᠠᠷᠢᠯᠴᠠᠵᠤ | ᠪᠠᠲᠤᠯᠠᠪᠠ᠂ ᠤᠳᠤ ᠨᠡᠶᠢᠲᠡᠯᠡᠶ᠎ᠡ᠂ 2018 ᠤᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠬᠤᠲᠠ ᠶᠢᠨ ᠳᠠᠷᠤᠭ᠎ᠠ ᠹᠧᠩ ᠢᠦᠶ ᠵᠧᠨ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | ︽ᠬᠥᠬᠡᠬᠤᠲᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠠᠷᠭ᠎ᠠ ︵ | ᠲᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠬᠤ ᠲᠤᠬᠠᠶ ᠰᠢᠢᠳᠪᠦᠷᠢ | ᠨᠢᠭᠡ᠂ ᠭᠠᠷᠴᠠᠭ ᠳᠠᠬᠢ ︽ ︵ᠲᠤᠷᠰᠢᠨ ᠬᠡᠷᠡᠭᠵᠢᠭᠦᠯᠬᠦ︶︾ ᠶᠢ ᠬᠠᠰᠤᠨ᠎ᠠ᠃ | ᠬᠤᠶᠠᠷ᠂ ᠬᠤᠶᠠᠳᠤᠭᠠᠷ ᠵᠦᠢᠯ ᠳᠠᠬᠢ ︽ᠬᠤᠲᠠ ᠶᠢᠨ ᠳᠥᠷᠪᠡᠨ ᠲᠣᠭᠤᠷᠢᠭ︾ ᠶᠢ ᠬᠠᠰᠤᠨ᠎ᠠ᠃ | ᠭᠤᠷᠪᠠ᠂ ᠳᠥᠷᠪᠡᠳᠦᠭᠡᠷ ᠵᠦᠢᠯ ᠢ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠮᠢᠬᠠᠨ ᠤ ᠵᠦᠢᠯ ᠢᠳᠡᠰᠢᠨ | ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠬᠠᠮᠢᠶᠠᠷᠤᠯᠳᠠ ᠶᠢᠨ ᠰᠢᠰᠲ᠋ᠧᠮ ᠦᠨᠪᠡᠯᠡᠳᠭᠡᠮᠵᠢ ᠲᠥᠬᠦᠭᠡᠷᠦᠮᠵᠢ ᠶᠢᠨ ᠡᠳᠦᠷ | ᠲᠤᠳᠤᠮ ᠤᠨ ᠡᠷᠭᠢᠯᠳᠡ ᠶᠢᠨ ᠬᠠᠮᠠᠭᠠᠯᠠᠯᠳᠠ ᠶᠢ ᠵᠤᠬᠢᠶᠠᠨ ᠪᠠᠶᠢᠭᠤᠯᠤᠨ ᠵᠤᠬᠢᠴᠠᠭᠤᠯᠬᠤ ᠶᠢ ᠬᠠᠷᠢᠭᠤᠴᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠳᠤᠷᠠᠵᠤ ᠪᠠᠶᠢᠭᠠᠳ ᠠᠵᠢᠯ ᠤᠨ ᠠᠮᠵᠢᠯᠲᠠ ᠪᠦᠲᠦᠮᠵᠢ ᠶᠢ ᠬᠢᠨᠠᠨ | ᠰᠢᠯᠭᠠᠬᠤ ᠳᠦᠷᠢᠮ ᠲᠤᠭᠳᠠᠭᠠᠬᠤ ᠶᠢᠨ ᠬᠠᠮᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤ ᠵᠣᠬᠢᠶᠠᠨ | ᠪᠠᠶᠢᠭᠤᠯᠤᠨ ᠡᠯ᠎ᠡ ᠬᠤᠰᠢᠭᠤ ᠰᠢᠶᠠᠨ ᠲᠣᠭᠤᠷᠢᠭ ᠤᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ | ᠮᠦᠷᠳᠡᠬᠦ ᠬᠠᠮᠢᠶᠠᠷᠤᠯᠳᠠ ᠶᠢᠨ ᠰᠢᠰᠲ᠋ᠧᠮ ᠤᠨ ᠪᠡᠯᠡᠳᠭᠡᠮᠵᠢ ᠲᠥᠬᠦᠭᠡᠷᠦᠮᠵᠢ ᠲᠤ ᠡᠳᠦᠷ ᠲᠤᠳᠤᠮ ᠤᠨ ᠡᠷᠭᠢᠯᠳᠡ ᠶᠢᠨ | ᠬᠠᠮᠢᠶᠠᠷᠤᠯᠳᠠ ᠳᠤ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠯᠳᠡ | ᠬᠢᠬᠦ ᠬᠡᠷᠡᠭᠳᠡᠢ ᠭᠡᠵᠤ ᠵᠠᠰᠠᠪᠦᠷᠢ ᠤᠷᠤᠭᠤᠯᠤᠨ᠎ᠠ᠃ | ᠢᠳᠡᠭᠡᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠵᠢᠨᠰᠠᠯᠠᠭ᠎ᠠ ᠮᠥᠴᠢᠷ ᠠᠴᠠ ᠪᠦᠭᠡᠮᠯᠡᠨ ᠬᠡᠷᠡᠭᠯᠡᠬᠦ | ᠨᠢᠭᠡᠴᠡ ᠶᠢᠨ ᠭᠤᠭᠴᠤᠭ᠎ᠠ ᠳᠠᠬᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠮᠡᠳᠡᠭᠡ | ᠵᠠᠩᠭᠢ ᠮᠦᠷᠳᠡᠬᠦ ᠬᠠᠮᠢᠶᠠᠷᠤᠯᠳᠠ ᠶᠢᠨ ᠠᠵᠢᠯ ᠢ ᠬᠠᠷᠢᠭᠤᠴᠠᠬᠤ ᠶᠢᠨ ᠬᠠᠮᠳᠤ᠂ ᠬᠢᠨᠠᠯᠲᠠ ᠲᠠᠯᠪᠢᠬᠤ ᠪᠠ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠬᠡᠷᠡᠭᠳᠡᠢ᠃ | ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠴᠢᠭ᠋ ᠲᠣᠭᠲᠠᠭᠠᠭᠰᠠᠨ ᠠᠯᠠᠵᠤ ᠨᠢᠲᠤᠯᠬᠤ ᠭᠤᠭᠴᠤᠭ᠎ᠠ ᠳᠠᠬᠢ ᠮᠢᠬᠠᠨ ᠤ ᠵᠦᠢᠯ ᠤᠨ ᠮᠡᠳᠡᠭᠡ ᠵᠠᠩᠭᠢ ᠮᠦᠷᠳᠡᠬᠦ | ᠬᠠᠮᠢᠶᠠᠷᠤᠯᠲᠠ ᠶᠢᠨ ᠠᠵᠢᠯ ᠳᠤ ᠬᠠᠷᠢᠭᠤᠴᠠᠬᠤ ᠶᠢᠨ ᠬᠠᠮᠳᠤ᠂ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨᠤ ᠬᠠᠤᠯᠢ | ᠬᠡᠷᠡᠭᠵᠢᠭᠦᠯᠬᠦ ᠶᠢ ᠬᠠᠷᠢᠭᠤᠴᠠᠬᠤ ᠬᠡᠷᠡᠭᠳᠡᠢ᠃ | ᠲᠦᠷᠪᠡ᠂ ᠠᠷᠪᠠᠳᠤᠭᠠᠷ ᠵᠦᠢᠯ᠂ ᠠᠷᠪᠠᠨ ᠬᠤᠶᠠᠳᠤᠭᠠᠷ ᠵᠦᠢᠯ ᠳᠠᠬᠢ ︽ᠬᠤᠲᠠ᠂ ᠲᠤᠭᠤᠷᠢᠭ ᠤᠨ | ᠠᠷᠠᠳ ᠤᠨ ᠵᠠᠰᠠᠭ ᠤᠨ ᠣᠷᠳᠣᠨ︾ ᠢ ︽ᠬᠤᠲᠠ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ︾ ᠭᠡᠵᠦ ᠵᠠᠰᠠᠪᠦᠷᠢ ᠤᠷᠤᠭᠤᠯᠤᠨ᠎ᠠ᠃ | ᠲᠠᠪᠤ᠂ ᠠᠷᠪᠠᠨ ᠭᠤᠷᠪᠠᠳᠤᠭᠠᠷ ᠵᠦᠢᠯ ᠤᠨ ᠨᠢᠭᠡᠳᠦᠭᠡᠷ ᠪᠠᠳᠠᠭ ᠢ ᠬᠤᠳᠠᠯᠳᠤᠭᠠᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠦᠴᠢᠷ ᠮᠦᠷᠳᠡᠨ | ᠬᠠᠮᠢᠶᠠᠷᠠᠬᠤ ᠰᠢᠰᠲ᠋ᠧᠮ ᠤᠨᠬᠠᠮᠢᠶᠠᠷᠤᠯᠲᠠ ᠪᠤᠯᠤᠨ ᠬᠠᠮᠠᠭᠠᠯᠠᠬᠤ ᠶᠢ ᠵᠤᠬᠢᠶᠠᠨ ᠪᠠᠶᠢᠭᠤᠯᠵᠤ᠂ ᠰᠢᠰᠲ᠋ᠧᠮ ᠤᠨ ᠬᠡᠪ | ᠶᠤᠰᠤᠭᠠᠷ᠂ ᠠᠶᠦᠯᠭᠦᠢ᠂ ᠪᠦᠲᠦᠮᠵᠢᠲᠡᠶ ᠠᠵᠢᠯᠯᠠᠬᠤ ᠶᠢ ᠪᠠᠳᠤᠯᠠᠬᠤ ᠬᠡᠷᠡᠭᠳᠡᠢ ᠭᠡᠵᠤ ᠵᠠᠰᠠᠪᠦᠷᠢ ᠤᠷᠤᠭᠤᠯᠤᠨ᠎ᠠ᠃ | ᠵᠢᠷᠭᠤᠭ᠎ᠠ᠂ ᠠᠷᠪᠠᠨ ᠳᠥᠷᠪᠡᠳᠦᠭᠡᠷ ᠵᠦᠢᠯ ᠤᠨ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ | ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ ᠳᠡᠯᠭᠡᠭᠦᠷ ᠲᠤ ᠤᠷᠤᠭᠰᠠᠨ ᠡᠵᠡᠩᠨᠡᠭᠴᠢ᠂ ᠪᠦᠭᠡᠮᠯᠡᠨ ᠬᠡᠷᠡᠭᠯᠡᠬᠦ | ᠨᠢᠭᠡᠴᠡ ᠪᠣᠯᠤᠨ ᠪᠤᠰᠤᠳ ᠬᠤᠳᠠ ᠶᠢᠨ ᠮᠢᠬᠠᠨ ᠤ ᠵᠦᠢᠯ ᠡᠵᠡᠩᠨᠡᠨ ᠪᠣᠷᠣᠯᠠᠭᠤᠯᠬᠤ ᠬᠤᠳᠠᠯᠳᠤᠭᠠᠴᠢᠳ ᠨᠢ ᠵᠠᠪᠠᠯ | ᠦᠪᠡᠷ ᠤᠨ ᠨᠡᠷᠡᠶᠢᠳᠦᠯ᠂ ᠬᠠᠤᠯᠢ ᠶᠢᠨ ᠡᠷᠬᠡᠳᠡᠨ ᠪᠤᠶᠤ ᠬᠠᠷᠢᠭᠤᠴᠠᠯᠭᠠᠲᠠᠨ ᠤ ᠣᠪᠣᠭ ᠨᠡᠷ᠎ᠡ᠂ ᠬᠠᠶ᠋ᠢᠭ᠂ | ᠬᠠᠷᠢᠯᠴᠠᠬᠤ ᠬᠡᠯᠪᠡᠷᠢ᠂ ᠠᠵᠤ ᠠᠬᠤᠶᠢᠯᠠᠯ ᠵᠢᠴᠢ ᠬᠤᠳᠠᠯᠳᠤᠭᠠᠨ ᠤ ᠨᠡᠷᠡᠶᠢᠳᠦᠯ᠂ ᠢᠳᠡᠭᠡᠨ | ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ | ᠦᠨᠡᠮᠯᠡᠯ ︵ᠪᠤᠶᠤ ᠳᠡᠯᠭᠡᠭᠦᠷ ᠤᠨ ᠤᠷᠤ ᠨᠡᠶᠢᠳᠡᠯᠡᠬᠦ ᠫᠠᠶᠢᠰᠠ︶ ᠵᠡᠷᠭᠡ ᠭᠡᠷᠡᠴᠢ ᠮᠠᠲ᠋ᠧᠷᠢᠶᠠᠯ ᠢ ᠬᠥᠬᠡᠬᠤᠲᠠ ᠶᠢᠨ | ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ ᠲᠠᠮᠵᠢᠭᠤᠯᠤᠨ᠂ | ᠡᠵᠡᠩᠨᠡᠨ ᠪᠤᠷᠤᠯᠠᠭᠤᠯᠤᠭᠴᠢ ᠶᠢᠨ ᠡᠯᠧᠺᠲᠷᠣᠨ ᠳᠠᠩᠰᠠ ᠡᠪᠬᠡᠮᠡᠯ ᠪᠠᠶᠢᠭᠤᠯᠬᠤ ᠬᠡᠷᠡᠭᠲᠡᠶ ᠭᠡᠵᠤ ᠵᠠᠰᠠᠪᠦᠷᠢ | ᠤᠷᠤᠭᠤᠯᠤᠨ᠎ᠠ᠃ | ᠡᠮᠦᠨᠡᠬᠢ ᠪᠠᠳᠠᠭ ᠲᠤ ᠲᠣᠭᠲᠠᠭᠠᠭᠰᠠᠨ ᠮᠡᠳᠡᠭᠡ ᠵᠠᠩᠭᠢ ᠨᠢ ᠬᠤᠪᠢᠷᠬᠠᠰᠠᠨ ᠦᠶ᠎ᠡ ᠳᠤ᠂ ᠢᠳᠡᠭᠡᠨ ᠪᠣᠯᠤᠨ | ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠵᠡᠩᠨᠡᠭᠴᠢᠳ ᠨᠢ ᠬᠤᠪᠢᠷᠠᠯᠲᠠ | ᠭᠠᠷᠤᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ᠂ ᠡᠯᠧᠺᠲᠷᠣᠨ ᠳᠠᠩᠰᠠ ᠡᠪᠬᠡᠮᠡᠯ ᠤᠨ ᠬᠤᠯᠪᠣᠭᠳᠠᠯ | ᠪᠦᠬᠦᠢ ᠠᠭᠤᠯᠭ᠎ᠠ ᠶᠢ ᠰᠢᠨᠡᠳᠬᠡᠬᠦ ᠬᠡᠷᠡᠭᠳᠡᠢ ᠭᠡᠵᠤ ᠵᠠᠰᠠᠪᠦᠷᠢ ᠤᠷᠤᠭᠤᠯᠤᠨ᠎ᠠ᠃ | ᠲᠤᠯᠤᠭ᠎ᠠ᠂ ᠠᠷᠪᠠᠨ ᠲᠠᠪᠤᠳᠤᠭᠠᠷ ᠵᠦᠢᠯ ᠳᠠᠬᠢ ︽ᠤᠤᠯ ᠤᠨ ᠳᠠᠩᠰᠠᠯᠠᠭᠤᠯᠤᠭᠰᠠᠨ ᠨᠢᠭᠡᠴᠡ ᠠᠴᠠ ᠬᠦᠴᠦᠨ | ᠦᠭᠡᠢ ᠪᠣᠯᠭᠠᠬᠤ᠂ ᠪᠦᠭᠡᠳ︾ ᠢ ᠬᠠᠰᠤᠨ᠎ᠠ᠃ | ᠨᠠᠢᠮᠠ᠂ ᠠᠷᠪᠠᠨ ᠨᠠᠢᠮᠠᠳᠤᠭᠠᠷ ᠵᠦᠢᠯ ᠳᠠᠬᠢ ︽ᠳᠠᠩᠰᠠᠯᠠᠭᠤᠯᠬᠤ︾ ᠭᠡᠰᠡᠨ ᠦᠭᠡ ᠶᠢ ᠬᠠᠰᠤᠨ᠎ᠠ ᠃ | ᠶᠢᠰᠦ᠂ ᠬᠤᠷᠢᠨ ᠵᠢᠷᠭᠤᠳᠤᠭᠠᠷ ᠵᠦᠢᠯ ᠤᠨ ︵ᠨᠢᠭᠡ ᠳ᠋ᠤᠭᠡᠷ︶ ᠵᠤᠷᠪᠤᠰ ᠢ᠄ ᠲᠤᠰ ᠠᠷᠭ᠎ᠠ ᠶᠢᠨ ᠲᠣᠭᠲᠠᠭᠠᠯ ᠤᠨ | ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠠᠴᠠ ᠵᠦᠷᠢᠴᠡᠭᠰᠡᠨ ᠪᠠᠶᠢᠪᠠᠯ᠂ ᠲᠠᠷᠢᠶᠠᠯᠠᠩ ᠮᠠᠯ ᠠᠵᠤ ᠠᠬᠤᠶ᠂ | ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠡᠲ᠋ᠤᠰ ᠠᠷᠭ᠎ᠠ ᠳᠠᠬᠢ ᠡᠭᠦᠷᠭᠡ | ᠲᠤᠰᠢᠶᠠᠯ ᠠᠵᠢᠯ ᠤᠨ ᠬᠤᠪᠢᠶᠠᠷᠢ ᠶᠢ ᠦᠨᠳᠦᠰᠦᠯᠡᠨ ᠲᠤᠤᠷᠠᠬᠢ ᠲᠣᠭᠲᠠᠭᠠᠯ ᠶᠣᠰᠣᠭᠠᠷ ᠰᠢᠳᠬᠡᠨ᠎ᠡ᠄ | ︵ᠨᠢᠭᠡ︶ ᠲᠤᠰ ᠠᠷᠭ᠎ᠠ ᠶᠢᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠡᠵᠡᠩᠨᠡᠭᠴᠢ ᠶᠢᠨ | ᠡᠯᠧᠺᠲᠷᠣᠨ ᠳᠠᠩᠰᠠ ᠡᠪᠬᠡᠮᠡᠯ ᠢ ᠲᠣᠭᠲᠠᠭᠠᠯ ᠶᠣᠰᠣᠭᠠᠷ ᠪᠠᠶᠢᠭᠤᠯᠤᠭᠰᠠᠨ ᠤᠢᠭᠡᠢ ᠪᠠᠶᠢᠪᠠᠯ᠂ ᠵᠠᠷᠯᠢᠭᠳᠡᠵᠤ ᠪᠠᠶᠢᠭᠠᠳ | ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠳᠡᠢ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ | 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠲᠤᠷᠤᠭᠰᠢ ᠵᠣᠭᠤᠰ ᠢᠶᠠᠷ ᠲᠤᠷᠭᠤᠭᠠᠨ᠎ᠠ ᠭᠡᠵᠤ | ᠵᠠᠰᠠᠪᠦᠷᠢ ᠤᠷᠤᠭᠤᠯᠤᠨ᠎ᠠ᠃ | ᠠᠷᠪᠠ᠂ ᠬᠤᠷᠢ ᠶᠢᠰᠦᠳᠦᠭᠡᠷ ᠵᠦᠢᠯ ᠢ ᠬᠠᠰᠤᠨ᠎ᠠ᠃ | ᠠᠷᠪᠠᠨ ᠨᠢᠭᠡ᠂ ︽ᠭᠤᠴᠢᠳᠤᠭᠠᠷ ᠵᠦᠢᠯ︾ ᠢ ︽ᠬᠤᠷᠢ ᠶᠢᠰᠦᠳᠦᠭᠡᠷ ᠵᠦᠢᠯ︾ ᠪᠤᠯᠭᠠᠨ ᠵᠠᠰᠠᠭᠠᠳ ︽ | ᠲᠤᠷᠰᠢᠨ ᠬᠡᠷᠡᠭᠯᠡᠬᠦ ᠬᠤᠭᠤᠴᠠᠭ᠎ᠠ ᠬᠤᠶᠠᠷ ᠵᠢᠯ ︾ ᠶᠢ ᠬᠠᠰᠤᠨ᠎ᠠ᠃ | ᠲᠤᠰ ᠲᠤᠭᠳᠠᠭᠠᠯ ᠢ 2018 ᠤᠨ ᠤ 4 ᠳ᠋ᠤᠭᠡᠷ ᠰᠠᠷ᠎ᠠ ᠶᠢᠨ 1 ᠤ ᠡᠳᠤᠷ ᠠᠴᠠ ᠡᠬᠢᠯᠡᠨᠬᠡᠷᠡᠭᠵᠢᠭᠦᠯᠵᠦ᠂ | ︽ᠬᠥᠬᠡᠬᠤᠲᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠬᠠᠮᠢᠶᠠᠷᠤᠯᠳᠠ ᠶᠢᠨ | ᠠᠷᠭ᠎ᠠ ︵ᠲᠤᠷᠰᠢᠨ ᠬᠡᠷᠡᠭᠵᠢᠭᠦᠯᠬᠦ︶︾ ᠢ ᠲᠤᠰ ᠲᠣᠭᠲᠠᠭᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ | ᠲᠠᠷᠠᠭ᠎ᠠ ᠬᠠᠮᠲᠤ ᠳᠤᠨᠢ ᠨᠠᠶᠢᠳᠡᠯᠡᠨ᠎ᠡ᠃ | ᠬᠥᠬᠡᠬᠤᠲᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠬᠠᠮᠢᠶᠠᠷᠤᠯᠳᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠮᠢᠬᠠᠨ ᠤ ᠵᠦᠢᠯ ᠢᠳᠡᠰᠢᠨ ᠨᠤᠭᠤᠭᠠᠨ ᠤ ᠭᠦᠢᠯᠭᠡᠭᠡ ᠶᠢ ᠲᠦᠷᠢᠮᠵᠢᠭᠦᠯᠬᠦ᠂ ᠮᠡᠳᠡᠭᠡ | ᠵᠠᠩᠭᠢᠵᠢᠯᠲᠠ ᠶᠢᠨ ᠬᠢᠷᠢ ᠬᠡᠮᠵᠢᠶ᠎ᠡ ᠪᠠᠨ ᠲᠡᠭᠡᠭᠰᠢᠯᠡᠭᠦᠯᠦᠨ᠂ ᠢᠳᠡᠭᠡᠨ ᠤ ᠭᠦᠢᠯᠭᠡᠭᠡ ᠶᠢᠨ ᠶᠠᠰᠤ ᠴᠢᠨᠠᠷ ᠤᠨ | ᠠᠶᠤᠯᠭᠦᠶ ᠶᠢ ᠪᠠᠲᠤᠯᠠᠬᠤ ᠴᠢᠳᠠᠪᠤᠷᠢ ᠶᠢ ᠴᠢᠩᠭᠠᠳᠭᠠᠬᠤ ᠶᠢᠨ ᠲᠦᠯᠦᠭᠡ ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠠᠤᠯᠢ︾᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ︽ᠭᠠᠭ᠋ᠠᠶ ᠨᠢᠲᠤᠯᠬᠤ ᠬᠠᠮᠢᠶᠠᠷᠤᠯᠲᠠ ᠶᠢᠨ ᠲᠥᠷᠢᠮ︾ ᠵᠡᠷᠭᠡ ᠬᠠᠤᠯᠢ ᠴᠠᠭᠠᠵᠠ᠂ | ᠬᠠᠤᠯᠢ ᠲᠦᠷᠢᠮ᠂ ᠲᠦᠷᠢᠮ ᠲᠤᠭᠳᠠᠭᠠᠯ ᠢ ᠦᠨᠳᠦᠰᠦᠯᠡᠨ᠂ ᠲᠤᠰ ᠬᠤᠲᠠ ᠶᠢᠨ ᠪᠤᠳᠠᠳᠤ ᠪᠠᠶᠢᠳᠠᠯ ᠲᠠᠢ | ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠶᠢ ᠲᠤᠰ ᠬᠤᠲᠠ ᠶᠢᠨ ᠬᠡᠪᠴᠢᠶᠡᠨ ᠳᠠᠬᠢ ᠮᠢᠬᠠᠨ ᠤ ᠵᠦᠢᠯ ᠢᠳᠡᠰᠢᠨ | ᠨᠣᠭᠤᠭ᠎ᠠ ᠶᠢᠨ ᠭᠦᠢᠯᠭᠡᠭᠡᠨ ᠤ ᠰᠢᠰᠲ᠋ᠧᠮᠵᠢ ᠳᠠᠬᠢ ᠴᠢᠭ᠋ ᠲᠤᠭᠳᠠᠭᠠᠭᠰᠠᠨ ᠠᠯᠠᠵᠤ ᠨᠢᠳᠤᠯᠠᠬᠤ ᠠᠵᠤ ᠠᠬᠤᠶᠢᠯᠠᠯ᠂ | ᠮᠢᠬᠠᠨ ᠤ ᠵᠦᠢᠯ ᠢᠳᠡᠰᠢᠨ ᠨᠣᠭᠤᠭ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠢᠳᠡᠰᠢᠨ ᠨᠣᠭᠤᠭᠠᠨ ᠤ | ᠪᠠᠷᠢᠮᠵᠢᠶᠠᠭᠤᠯᠤᠭᠰᠠᠨ ᠵᠠᠬ᠎ᠠ ᠳᠡᠯᠭᠡᠭᠦᠷ ᠪᠤᠯᠤᠨ ᠲᠠᠷᠢᠶᠠᠯᠠᠩ ᠤᠨ ᠪᠦᠳᠦᠭᠳᠡᠭᠦᠨ ᠠᠷᠠᠯᠵᠢᠶᠠᠯᠠᠬᠤ ᠵᠠᠬ᠎ᠠ ᠳᠡᠯᠭᠡᠭᠦᠷ᠂ | ᠬᠡᠳᠤ ᠳᠡᠯᠭᠡᠭᠦᠷ᠂ ᠦᠢᠯᠡᠳᠪᠦᠷᠢᠯᠡᠬᠦ ᠪᠠ ᠪᠣᠷᠣᠯᠠᠭᠤᠯᠬᠤ ᠶᠢ ᠵᠤᠯᠭᠠᠭᠤᠯᠤᠭᠰᠠᠨ ᠠᠵᠤ ᠠᠬᠤᠶᠢᠯᠠᠯ᠂ ᠪᠦᠭᠡᠮᠯᠡᠨ | ᠬᠡᠷᠡᠭᠯᠡᠬᠦ ᠨᠢᠭᠡᠴᠡ ᠶᠢᠨ ᠮᠢᠬᠠᠨ ᠤ ᠵᠦᠢᠯ ᠢᠳᠡᠰᠢᠨ ᠨᠤᠭᠤᠭᠠᠨ ᠤ ᠭᠦᠢᠯᠭᠡᠭᠡ ᠶᠢ ᠮᠥᠷᠳᠡᠨ ᠬᠠᠮᠢᠶᠠᠷᠬᠤ ᠵᠢᠴᠢ | ᠪᠤᠰᠤᠳ ᠬᠤᠳᠠ ᠶᠢᠨ ᠮᠢᠬᠠᠨ ᠤ ᠵᠦᠢᠯ ᠤᠨ ᠭᠦᠢᠯᠭᠡᠭᠡ ᠶᠢ ᠮᠥᠷᠳᠡᠨ ᠬᠠᠮᠢᠶᠠᠷᠠᠬᠤ ᠳᠤ ᠬᠡᠷᠡᠭᠯᠡᠨ᠎ᠡ᠃ | ᠭᠤᠷᠪᠠᠳᠤᠭᠠᠷ ᠵᠦᠢᠯ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠠᠵᠤ ᠠᠬᠤᠶᠢᠯᠠᠯ | ᠪᠣᠯᠤᠨ ᠬᠤᠪᠢ ᠶᠢᠨ ᠡᠵᠡᠩᠨᠡᠭᠴᠢ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠨ | ᠬᠠᠮᠢᠶᠠᠷᠠᠬᠤ ᠰᠢᠰᠲ᠋ᠧᠮᠵᠢ ᠶᠢᠨ ᠡᠵᠩᠨᠡᠯᠳᠡ ᠶᠢᠨ ᠲᠠᠯᠠᠪᠠᠢ ᠳᠤ ᠣᠷᠣᠵᠤ᠂ ᠮᠢᠬᠠᠨ ᠤ ᠵᠦᠢᠯ ᠢᠳᠡᠰᠢᠨ ᠨᠤᠭᠤᠭ᠎ᠠ ᠶᠢᠨ | ᠪᠦᠳᠦᠭᠳᠡᠭᠦᠨ ᠢᠶᠠᠨ ᠪᠣᠷᠣᠯᠠᠭᠤᠯᠬᠤ ᠳᠤ ᠡᠷᠬᠡᠪᠡᠰᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ | ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠪᠠᠶᠢᠭᠤᠯᠵᠤ᠂ ᠬᠤᠳᠠ ᠶᠢᠨ ᠮᠢᠬᠠᠨ ᠤ ᠵᠦᠢᠯ ᠢᠳᠡᠰᠢᠨ | ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠯᠦᠭᠡ ᠵᠤᠯᠭᠠᠭᠤᠯᠬᠤ ᠪᠥᠭᠡᠳ ᠭᠦᠢᠯᠭᠡᠭᠡᠨ ᠤ | ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠭᠦᠢᠯᠭᠡᠭᠡᠨᠤ ᠦᠢᠯᠡᠴᠢᠯᠡᠭᠡᠨ ᠤ ᠺᠠᠷᠲ ︵CPU ᠺᠠᠷᠲ︶ ᠳᠣᠲᠣᠷ᠎ᠠ | ᠪᠢᠴᠢᠨ ᠤᠷᠤᠭᠤᠯᠵᠤ᠂ ᠮᠦᠷᠳᠡᠬᠦ ᠴᠤᠪᠤᠷᠠᠯ ᠢ ᠦᠨᠳᠦᠰᠦᠯᠡᠨ ᠪᠦᠷᠢᠨ ᠪᠦᠳᠦᠨ ᠮᠦᠷᠳᠡᠯᠭᠡ ᠶᠢᠨ ᠮᠡᠳᠡᠭᠡ | ᠵᠠᠩᠭᠢ ᠶᠢᠨ ᠬᠡᠯᠬᠢᠶ᠎ᠡ ᠪᠤᠯᠭᠠᠨ ᠪᠦᠷᠢᠯᠳᠦᠭᠦᠯᠬᠦ ᠬᠡᠷᠡᠭᠳᠡᠢ᠃ ᠮᠢᠬᠠᠨ ᠤ ᠵᠦᠢᠯ ᠢᠳᠡᠰᠢᠨ ᠨᠣᠭᠤᠭ᠎ᠠ ᠶᠢᠨ | ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮᠯᠦᠭᠡ ᠦᠯᠦ ᠵᠤᠯᠭᠠᠭᠤᠯᠤᠭᠰᠠᠨ ᠮᠢᠬᠠᠨ ᠤ ᠵᠦᠢᠯ ᠢᠳᠡᠰᠢᠨ | ᠨᠣᠭᠤᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠪᠣᠯᠤᠨ ᠬᠤᠪᠢ ᠶᠢᠨ ᠡᠵᠢᠡᠩᠨᠡᠭᠴᠢ ᠨᠢ ᠡᠵᠡᠩᠨᠡᠯᠳᠡ ᠶᠢᠨ | ᠲᠠᠯᠠᠪᠠᠢ ᠳᠤ ᠣᠷᠣᠵᠤ ᠮᠢᠬᠠᠨ ᠤ ᠵᠦᠢᠯ ᠢᠳᠡᠰᠢᠨ ᠨᠤᠭᠤᠭᠠᠨ ᠤ ᠪᠦᠳᠦᠭᠳᠡᠭᠦᠨ ᠢᠶᠠᠨ ᠪᠤᠷᠤᠯᠠᠭᠤᠯᠵᠤ ᠪᠣᠯᠬᠤ | ᠤᠢᠭᠡᠢ ᠃ | ᠳᠥᠷᠪᠡᠳᠦᠭᠡᠷ ᠵᠦᠢᠯ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ | ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠪᠡᠯᠡᠳᠭᠡᠮᠵᠢ ᠲᠥᠬᠦᠭᠡᠷᠦᠮᠵᠢ ᠶᠢᠨ ᠡᠳᠦᠷ ᠲᠤᠳᠤᠮ ᠤᠨ | ᠡᠷᠭᠢᠯᠳᠡ ᠬᠠᠮᠢᠶᠠᠷᠤᠯᠳᠠ ᠶᠢ ᠵᠤᠬᠢᠶᠠᠨ ᠪᠠᠶᠢᠭᠤᠯᠤᠨ ᠵᠤᠬᠢᠴᠠᠭᠤᠯᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠳᠤᠪᠡᠷ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠦᠷᠢᠮ ᠲᠤᠭᠳᠠᠭᠠᠬᠤ᠂ | ᠡᠯ᠎ᠡ ᠬᠤᠰᠢᠭᠤ ᠰᠢᠶᠠᠨ ᠲᠣᠭᠤᠷᠢᠭ ᠤᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ | ᠬᠠᠮᠢᠶᠠᠷᠬᠤ ᠰᠢᠰᠲ᠋ᠧᠮ ᠤᠨ ᠡᠳᠦᠷ ᠲᠤᠳᠤᠮ ᠤᠨ ᠡᠷᠭᠢᠯᠳᠡ ᠶᠢᠨ ᠵᠠᠰᠠᠨ ᠬᠠᠮᠢᠶᠠᠷᠠᠬᠤ ᠠᠵᠢᠯ ᠳᠤ ᠲᠣᠭᠲᠠᠮᠠᠯ | ᠬᠤᠭᠤᠴᠠᠭ᠎ᠠ ᠲᠠᠢ ᠠᠵᠢᠯ ᠤᠨ ᠠᠮᠵᠢᠯᠲᠠ ᠪᠦᠲᠦᠮᠵᠢ ᠵᠢᠨᠰᠢᠯᠭᠠᠨ ᠦᠨᠡᠯᠡᠯᠳᠡ ᠶᠢ ᠵᠤᠬᠢᠶᠠᠨ ᠪᠠᠶᠢᠭᠤᠯᠬᠤ ᠬᠡᠷᠡᠭᠳᠡᠢ᠃ | | ᠢᠳᠡᠭᠡᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠪᠦᠭᠡᠮᠯᠡᠨ | ᠬᠡᠷᠡᠭᠯᠡᠬᠦ ᠭᠤᠭᠴᠤᠭ᠎ᠠ ᠳᠠᠬᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢᠨ ᠮᠡᠳᠡᠭᠡ ᠵᠠᠩᠭᠢ ᠮᠥᠷᠳᠡᠨ | ᠬᠠᠮᠢᠶᠠᠷᠬᠤ ᠠᠵᠢᠯ ᠢ ᠬᠠᠷᠢᠭᠤᠴᠠᠵᠤ᠂ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠨ᠎ᠡ᠃ | ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠴᠢᠭ᠋ ᠲᠣᠭᠲᠠᠭᠠᠭᠰᠠᠨ ᠠᠯᠠᠵᠤ ᠨᠢᠲᠤᠯᠬᠤ ᠭᠤᠭᠴᠤᠭ᠎ᠠ ᠳᠠᠬᠢ ᠮᠢᠬᠠᠨ ᠤ ᠵᠦᠢᠯ ᠤᠨᠮᠡᠳᠡᠭᠡ ᠵᠠᠩᠭᠢ ᠶᠢᠨ ᠮᠥᠷᠳᠡᠨ | ᠬᠠᠮᠢᠶᠠᠷᠤᠯᠲᠠ ᠶᠢᠨ ᠠᠵᠢᠯ ᠳᠤ ᠬᠠᠷᠢᠭᠤᠴᠠᠵᠤ᠂ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠨ᠎ᠡ᠃ | ᠲᠠᠪᠤᠳᠤᠭᠠᠷ ᠵᠦᠢᠯ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨᠬᠠᠮᠢᠶᠠᠷᠬᠤ | ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠶ᠂ ᠢᠳᠡᠭᠡᠨ ᠡᠮ ᠤᠨ ᠵᠦᠢᠯ ᠤᠨ ᠬᠢᠨᠠᠯᠳᠠ ᠬᠠᠮᠢᠶᠠᠷᠤᠯᠲᠠ᠂ | ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠰᠤᠷᠭᠠᠨ ᠬᠦᠮᠦᠵᠢᠯ᠂ ᠳᠣᠲᠣᠭᠠᠳᠤ ᠶᠢ ᠬᠠᠮᠠᠭᠠᠯᠠᠬᠤ᠂ | ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠵᠤ ᠪᠠᠶᠢᠭᠠᠳ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠲᠤᠰ ᠬᠤᠳᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ | ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠡᠷᠭᠢᠯᠳᠡ ᠵᠢᠴᠢ ᠡᠳᠦᠷ ᠲᠤᠳᠤᠮ ᠤᠨ ᠬᠢᠨᠠᠨ ᠬᠠᠮᠢᠶᠠᠷᠬᠤ | ᠠᠵᠢᠯ ᠢ ᠰᠠᠶᠢᠲᠤᠷ ᠬᠢᠬᠦ ᠬᠡᠷᠡᠭᠲᠡᠶ᠃ | ᠵᠢᠷᠭᠤᠳᠤᠭᠠᠷ ᠵᠦᠢᠯ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯ᠎ᠡ ᠰᠣᠨᠢᠨ ᠮᠡᠳᠡᠭᠡᠨ ᠤ ᠨᠢᠭᠡᠴᠡ ᠲᠠᠢ | ᠢᠳᠡᠪᠬᠢᠲᠡᠶ ᠬᠠᠷᠢᠯᠴᠠᠵᠤ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ | ᠰᠢᠰᠲ᠋ᠧᠮ ᠤᠨ ᠪᠠᠶᠢᠭᠤᠯᠤᠯᠲᠠ ᠪᠤᠯᠤᠨ ᠤᠬᠠᠭᠤᠯᠭ᠎ᠠ ᠶᠢᠨ ᠠᠵᠢᠯ ᠶᠢ ᠴᠢᠩᠭᠠᠳᠭᠠᠨ᠎ᠠ᠃ ᠬᠤᠯᠪᠣᠭᠳᠠᠯ ᠪᠦᠬᠦᠢ | ᠠᠵᠢᠯ ᠲᠦᠷᠦᠯ ᠤᠨ ᠨᠡᠶᠢᠭᠡᠮᠯᠢᠭ ᠤᠳ ᠠᠵᠢᠯ ᠲᠥᠷᠥᠯ ᠤᠨ ᠦᠪᠡᠷ ᠤᠨ ᠱᠠᠭᠠᠷᠳᠠᠯᠭ᠎ᠠ ᠪᠠᠨ ᠴᠢᠩᠭᠠᠳᠭᠠᠨ᠂ | ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ | ᠳᠡᠯᠭᠡᠭᠦᠷ ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ ᠪᠤᠰᠤᠳ ᠬᠤᠳᠠ ᠶᠢᠨ ᠮᠢᠬᠠᠨ ᠤ ᠵᠦᠢᠯ ᠤᠨ | ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠬᠦᠳᠦᠯᠦᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠡᠵᠡᠩᠨᠡᠬᠦ | ᠪᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠣᠭᠲᠠᠭᠠᠯ ᠶᠢ ᠵᠢᠷᠤᠮᠯᠡᠭᠤᠯᠵᠤ | ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨᠬᠠᠮᠢᠶᠠᠷᠬᠤ ᠮᠡᠳᠡᠯᠭᠡ ᠶᠢ ᠤᠬᠠᠭᠤᠯᠤᠨ | ᠲᠦᠭᠡᠮᠡᠯᠵᠢᠭᠦᠯᠵᠦ᠂ ᠢᠳᠡᠭᠡᠮᠵᠢᠳᠡᠢ ᠡᠵᠡᠩᠨᠡᠬᠦ ᠦᠵᠡᠯ ᠤᠬᠠᠮᠰᠠᠷ ᠶᠢ ᠨᠢ ᠲᠡᠭᠡᠭᠰᠢᠯᠡᠭᠦᠯᠬᠦ ᠬᠡᠷᠡᠭᠲᠡᠶ᠃ | ᠬᠤᠶᠠᠳᠤᠭᠠᠷ ᠪᠦᠯᠦᠭ ᠮᠦᠷᠳᠡᠨ ᠬᠠᠮᠢᠶᠠᠷᠠᠬᠤ ᠰᠢᠰᠲ᠋ᠧᠮ ᠤᠨ ᠪᠠᠶᠢᠭᠤᠯᠤᠯᠲᠠ | ᠳᠣᠯᠣᠳᠤᠭᠠᠷ ᠵᠦᠢᠯ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠶ᠂ ᠢᠳᠡᠭᠡᠨ ᠡᠮ ᠤᠨ ᠵᠦᠢᠯ ᠤᠨ ᠬᠢᠨᠠᠯᠳᠠ | ᠬᠠᠮᠢᠶᠠᠷᠤᠯᠳᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠵᠤ ᠪᠠᠶᠢᠭᠠᠳ᠂ ᠤᠯᠤᠰ ᠤᠨ | ᠬᠤᠯᠪᠣᠭᠳᠠᠯ ᠪᠦᠬᠦᠢ ᠲᠦᠷᠢᠮ ᠲᠣᠭᠲᠠᠭᠠᠯ ᠶᠣᠰᠣᠭᠠᠷ᠂ ᠲᠤᠰ ᠬᠤᠳᠠ ᠶᠢᠨ ᠮᠢᠬᠠᠨ ᠤ ᠵᠦᠢᠯ ᠢᠳᠡᠰᠢᠨ | ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ | ᠲᠣᠭᠲᠠᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ | ᠬᠡᠷᠡᠭᠵᠢᠭᠦᠯᠬᠦ ᠬᠡᠷᠡᠭᠳᠡᠢ᠃ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ | ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠪᠤᠯᠤᠨ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ | ᠲᠦᠷᠢᠮᠵᠢᠯ ᠢ ᠦᠨᠳᠦᠰᠦᠯᠡᠨ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ | ᠰᠢᠰᠲ᠋ᠧᠮ ᠢ ᠪᠠᠶᠢᠭᠤᠯᠵᠤ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ | ᠰᠢᠰᠲ᠋ᠧᠮ ᠤᠨ ᠪᠠᠶᠢᠭᠤᠯᠤᠯᠳᠠ ᠶᠢᠨ ᠠᠭᠤᠯᠭ᠎ᠠ ᠳᠤ ᠭᠤᠣᠯᠳᠠᠭᠤ ᠬᠤᠳᠠ ᠶᠢᠨ ᠲᠡᠰ ᠤᠨ ᠮᠢᠬᠠᠨ ᠤ ᠵᠦᠢᠯ ᠢᠳᠡᠰᠢᠨ | ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ᠂ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ | ᠠᠬᠤᠶᠢᠯᠠᠯ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠢᠳᠡᠰᠢᠨ ᠨᠤᠭᠤᠭ᠎ᠠ ᠶᠢᠨ ᠪᠠᠷᠢᠮᠵᠢᠶᠠᠳᠤ ᠵᠠᠬ᠎ᠠ | ᠳᠡᠯᠭᠡᠭᠦᠷ᠂ ᠲᠠᠷᠢᠶᠠᠯᠠᠩ ᠤᠨ ᠪᠦᠳᠦᠭᠳᠡᠭᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠲᠤᠮᠤ ᠳᠤᠮᠳᠠ ᠬᠡᠯᠪᠡᠷᠢ ᠶᠢᠨ | ᠬᠡᠳᠦ ᠳᠡᠯᠭᠡᠭᠦᠷ᠂ ᠪᠦᠭᠡᠮᠯᠡᠨ ᠬᠡᠷᠡᠭᠯᠡᠬᠦ ᠨᠢᠭᠡᠴᠡ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠤᠯᠭᠠᠭᠤᠯᠤᠭᠰᠠᠨᠠᠵᠤ | ᠠᠬᠤᠶᠢᠯᠠᠯ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠮᠥᠷᠳᠡᠨ ᠬᠠᠮᠢᠶᠠᠷᠬᠤ ᠬᠤᠪᠢᠶᠠᠷᠢ ᠰᠢᠰᠲ᠋ᠧᠮ ᠪᠤᠯᠤᠨ | ᠰᠢᠰᠲ᠋ᠧᠮ ᠤᠨ ᠬᠠᠮᠢᠶ᠎ᠠ ᠪᠥᠬᠦᠶ ᠰᠦᠯᠵᠢᠶ᠎ᠡ᠂ ᠡᠯᠧᠺᠲᠷᠣᠨ ᠲᠥᠬᠦᠭᠡᠷᠦᠮᠵᠢ ᠵᠡᠷᠭᠡ ᠪᠦᠲᠦᠭᠡᠭᠳᠡᠬᠦᠨ ᠪᠠᠭᠳᠠᠨ᠎ᠠ᠃ | ᠨᠠᠢᠮᠠᠳᠤᠭᠠᠷ ᠵᠦᠢᠯ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠶ᠂ ᠢᠳᠡᠭᠡᠨ ᠡᠮ ᠤᠨ ᠵᠦᠢᠯ ᠤᠨ ᠬᠢᠨᠠᠯᠳᠠ | ᠬᠠᠮᠢᠶᠠᠷᠤᠯᠳᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠵᠤ ᠪᠠᠶᠢᠭᠠᠳ᠂ ᠤᠯᠤᠰ ᠤᠨ | ᠬᠤᠯᠪᠣᠭᠳᠠᠯ ᠪᠦᠬᠦᠢ ᠲᠦᠷᠢᠮ ᠲᠣᠭᠲᠠᠭᠠᠯ ᠶᠣᠰᠣᠭᠠᠷ᠂ ᠲᠤᠰ ᠬᠤᠲᠠ ᠶᠢᠨ ᠪᠤᠳᠠᠳᠤ ᠪᠠᠶᠢᠳᠠᠯ ᠲᠠᠢ | ᠤᠶᠠᠯᠳᠤᠭᠤᠯᠤᠨ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠳᠤ | ᠴᠤᠭᠯᠠᠭᠤᠯᠬᠤ ᠴᠢᠬᠤᠯᠠᠳᠠᠢ ᠡᠵᠡᠩᠨᠡᠭᠴᠢ ᠶᠢᠨ ᠳᠠᠩᠰᠠ ᠡᠪᠬᠢᠮᠡᠯ ᠵᠢᠴᠢ ᠮᠢᠬᠠᠨ ᠤ ᠵᠦᠢᠯ ᠤᠨ ᠢᠳᠡᠰᠢᠨ | ᠨᠣᠭᠤᠭ᠎ᠠ ᠶᠢᠨ ᠠᠷᠠᠯᠵᠢᠶᠠᠯᠠᠬᠤ ᠮᠡᠳᠡᠭᠡ ᠵᠠᠩᠭᠢ ᠶᠢ ᠲᠤᠭᠳᠠᠭᠠᠬᠤ ᠬᠡᠷᠡᠭᠳᠡᠢ᠃ | ᠶᠢᠰᠦᠳᠦᠭᠡᠷ ᠵᠦᠢᠯ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ | ᠰᠢᠰᠲ᠋ᠧᠮ ᠢ ᠨᠢᠭᠡᠳᠦᠯᠲᠡᠶ ᠴᠤᠭᠯᠠᠭᠤᠯᠬᠤ ᠭᠦᠢᠴᠡᠳᠭᠡᠯ ᠲᠤᠭ᠎ᠠ᠂ ᠨᠢᠭᠡᠳᠦᠯᠲᠡᠶ ᠳ᠋ᠤᠭᠠᠷᠯᠠᠯ ᠤᠨ ᠲᠦᠷᠢᠮ᠂ | ᠨᠢᠭᠡᠳᠦᠯᠲᠡᠶ ᠲᠠᠮᠵᠢᠭᠤᠯᠬᠤ ᠬᠡᠯᠪᠡᠷᠢ᠂ ᠨᠢᠭᠡᠳᠦᠯᠲᠡᠶ ᠵᠠᠯᠭᠠᠰᠦ ᠶᠢᠨ ᠳᠦᠷᠢᠮ ᠲᠤᠭᠳᠠᠭᠠᠯ ᠶᠠᠪᠤᠭᠳᠠᠭᠤᠯᠤᠨ | ᠬᠠᠮᠢᠶᠠᠷᠠᠬᠤ ᠬᠡᠷᠡᠭᠳᠡᠢ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ | ᠰᠢᠰᠲ᠋ᠧᠮ ᠳᠤ ᠤᠷᠤᠭᠤᠯᠤᠭᠰᠠᠨ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ | ᠳᠡᠯᠭᠡᠭᠦᠷ ᠤᠨ ᠨᠡᠭᠡᠭᠡᠨ ᠡᠵᠡᠩᠨᠡᠭᠴᠢ ᠪᠤᠯᠤᠨ ᠪᠦᠭᠡᠮᠯᠡᠨ ᠬᠡᠷᠡᠭᠯᠡᠬᠦ ᠨᠢᠭᠡᠴᠡ ᠨᠢ ᠬᠤᠳᠠᠯᠳᠤᠭᠠᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠯᠪᠤᠭᠳᠠᠯ ᠪᠥᠬᠦᠢ ᠪᠡᠯᠡᠳᠭᠡᠮᠵᠢ | ᠲᠥᠬᠦᠭᠡᠷᠦᠮᠵᠢ ᠪᠤᠯᠤᠨ ᠬᠡᠷᠡᠭᠯᠡᠭᠡᠨ ᠤ ᠰᠢᠰᠲ᠋ᠧᠮ ᠶᠢ ᠤᠭᠰᠠᠷᠠᠵᠤ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ | ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ ᠡᠨᠡᠬᠦ ᠮᠢᠬᠠᠨ ᠤ ᠵᠦᠢᠯ ᠢᠳᠡᠰᠢᠨ ᠨᠣᠭᠤᠭ᠎ᠠ ᠶᠢᠨ | ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ ᠪᠠᠨ ᠦᠨᠳᠦᠰᠦᠯᠡᠨ ᠳᠣᠲᠣᠭᠠᠳᠤ ᠶᠢᠨ | ᠡᠵᠡᠩᠨᠡᠯᠲᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠵᠤᠬᠢᠬᠤ ᠲᠣᠬᠢᠷᠠᠭᠤᠯᠤᠯᠲᠠ ᠬᠢᠬᠦ | ᠬᠡᠷᠡᠭᠳᠡᠢ ᠃ | ᠠᠷᠪᠠᠳᠤᠭᠠᠷ ᠵᠦᠢᠯ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ | ᠪᠠᠶᠢᠭᠤᠯᠤᠭᠰᠠᠨ ᠮᠢᠬᠠᠨ ᠤ ᠵᠦᠢᠯ ᠢᠳᠡᠰᠢᠨ ᠨᠣᠭᠤᠭ᠎ᠠ ᠡᠵᠡᠩᠨᠡᠬᠦ ᠭᠠᠵᠠᠷ ᠨᠢ ᠮᠥᠷᠳᠡᠨ ᠬᠠᠮᠢᠶᠠᠷᠬᠤ ᠰᠢᠰᠲ᠋ᠧᠮ ᠤᠨ | ᠡᠷᠭᠢᠯᠳᠡ ᠶᠢᠨ ᠬᠡᠷᠡᠭᠴᠡᠭᠡ ᠳᠤ ᠨᠡᠶᠢᠴᠡᠭᠰᠡᠨ ᠪᠠᠶᠢᠬᠤ ᠬᠡᠷᠡᠭᠲᠡᠶ᠃ ᠮᠢᠬᠠᠨ ᠤ ᠵᠦᠢᠯ ᠢᠳᠡᠰᠢᠨ ᠨᠣᠭᠤᠭ᠎ᠠ ᠶᠢᠨ | ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠳᠤ ᠤᠷᠤᠭᠤᠯᠤᠭᠰᠠᠨ ᠮᠢᠬᠠᠨ ᠤ ᠵᠦᠢᠯ ᠢᠳᠡᠰᠢᠨ ᠨᠣᠭᠤᠭ᠎ᠠ | ᠡᠵᠡᠩᠨᠡᠬᠦ ᠲᠠᠯᠠᠪᠤᠷ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠱᠠᠭᠠᠷᠳᠠᠯᠭ᠎ᠠ ᠳᠤ | ᠨᠡᠶᠢᠴᠡᠬᠦ ᠤᠢᠭᠡᠢ ᠪᠠᠶᠢᠪᠠᠯ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ | ᠨᠡᠭᠡᠭᠡᠨ ᠡᠵᠡᠩᠨᠡᠭᠴᠢ ᠠᠴᠠ ᠦᠪᠡᠷ ᠤᠨ ᠠᠵᠢᠯᠯᠠᠯᠭᠠ ᠪᠠᠨ ᠵᠣᠬᠢᠴᠠᠩᠭᠤᠶ ᠪᠠᠷ ᠦᠭᠡᠷᠡᠴᠢᠯᠡᠵᠤ᠂ ᠣᠷᠣᠭᠤᠯᠤᠯᠲᠠ ᠶᠢᠨ | ᠵᠠᠷᠤᠳᠠᠯ ᠮᠦᠩᠭᠦ ᠨᠢ ᠨᠡᠯᠢᠶᠡᠳ ᠶᠡᠭᠡ ᠦᠶᠡᠰ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠠᠴᠠ ᠪᠡᠯᠠ ᠮᠥᠩᠭᠦ ᠶᠢᠨ ᠲᠤᠰᠠᠯᠠᠮᠵᠢ ᠤᠯᠭᠤᠵᠤ᠂ ᠲᠡᠭᠦᠨ ᠢ ᠮᠢᠬᠠᠨ ᠤ ᠵᠦᠢᠯ ᠢᠳᠡᠰᠢᠨ | ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ ᠶᠢᠨ ᠡᠷᠭᠢᠯᠳᠡ ᠶᠢᠨ | ᠱᠠᠭᠠᠷᠳᠠᠯᠭ᠎ᠠ ᠳᠤ ᠬᠦᠷᠦᠭᠦᠯᠬᠦ ᠬᠡᠷᠡᠭᠳᠡᠢ᠃ | ᠠᠷᠪᠠᠨ ᠨᠢᠭᠡᠳᠦᠭᠡᠷ ᠵᠦᠢᠯ ᠲᠠᠷᠢᠶᠠᠯᠠᠩ ᠮᠠᠯ ᠠᠵᠤ ᠠᠬᠤᠶ᠂ ᠢᠳᠡᠭᠡᠨ ᠡᠮ ᠤᠨ ᠵᠦᠢᠯ ᠤᠨ ᠬᠢᠨᠠᠯᠳᠠ | ᠬᠠᠮᠢᠶᠠᠷᠤᠯᠳᠠ ᠵᠡᠷᠭᠡ ᠰᠠᠯᠠᠭ᠎ᠠ ᠮᠥᠴᠢᠷ ᠤᠨ ᠦᠪᠡᠷᠰᠤᠪᠠᠨ ᠪᠠᠶᠢᠭᠤᠯᠤᠭᠰᠠᠨ ᠮᠥᠷᠳᠡᠨ ᠬᠠᠮᠢᠶᠠᠷᠬᠤ ᠰᠢᠰᠲ᠋ᠧᠮ ᠨᠢ | ᠬᠤᠳᠠᠯᠳᠤᠭᠠᠨ ᠤ ᠶᠠᠪᠤᠳᠠᠯ ᠤᠨ ᠭᠦᠢᠯᠭᠡᠭᠡᠨ ᠤ ᠬᠡᠪᠴᠢᠶᠡᠨ ᠳᠠᠬᠢ ᠪᠤᠳᠠᠰ ᠤᠨ ᠰᠦᠯᠵᠢᠶ᠎ᠡ ᠶᠢ ᠠᠰᠢᠭᠯᠠᠨ ᠴᠢᠬᠤᠯᠠ | ᠪᠦᠳᠦᠭᠳᠡᠭᠦᠨ ᠢ ᠪᠦᠲᠦᠭᠡᠨ ᠪᠠᠶᠢᠭᠤᠯᠬᠤ ᠵᠡᠷᠭᠡ ᠮᠥᠷᠳᠡᠨ ᠬᠠᠮᠢᠶᠠᠷᠬᠤ ᠰᠢᠰᠲ᠋ᠧᠮ ᠲᠠᠢ ᠪᠦᠲᠦᠮᠵᠢᠲᠡᠶ ᠵᠤᠯᠭᠠᠭᠤᠯᠵᠤ | ᠂ ᠬᠤᠳᠠᠯᠳᠤᠭᠠᠨ ᠤ ᠶᠠᠪᠤᠳᠠᠯ ᠤᠨ ᠬᠡᠪᠴᠢᠶᠡᠨ ᠳᠠᠬᠢ ᠪᠠᠴᠢᠮ ᠪᠠᠶᠢᠳᠠᠯ ᠶᠢ ᠠᠷᠭᠠᠴᠠᠬᠤ ᠪᠠᠲᠤᠯᠠᠭ᠎ᠠ ᠶᠢᠨ | ᠴᠢᠳᠠᠪᠤᠷᠢ ᠪᠠᠨ ᠴᠢᠩᠭᠠᠳᠬᠠᠬᠤ ᠳᠤ ᠬᠦᠴᠦᠲᠡᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ᠂ ︽ᠢᠷᠡᠯᠳᠡ ᠶᠢ | ᠨᠢ ᠪᠠᠶᠢᠴᠠᠭᠠᠵᠤ ᠤᠯᠬᠤ᠂ ᠪᠤᠷᠤᠯᠠᠭᠤᠯᠤᠯᠳᠠ ᠶᠢ ᠨᠢ ᠮᠦᠷᠳᠡᠵᠤ ᠪᠤᠯᠬᠤ᠂ ᠬᠠᠷᠢᠭᠤᠴᠠᠯᠭ᠎ᠠ ᠶᠢ ᠨᠢ ᠨᠡᠬᠡᠮᠵᠢᠯᠡᠵᠦ | ᠤᠯᠬᠤ︾ ᠮᠡᠳᠡᠭᠡ ᠵᠠᠩᠭᠢ ᠶᠢᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠳᠡᠢ ᠃ | ᠠᠷᠪᠠᠨ ᠬᠤᠶᠠᠳᠤᠭᠠᠷ ᠵᠦᠢᠯ ᠬᠤᠳᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ | ᠡᠷᠭᠢᠯᠳᠡ ᠬᠠᠮᠠᠭᠠᠯᠠᠯᠳᠠ ᠪᠤᠯᠤᠨ ᠬᠠᠮᠢᠶᠠᠷᠤᠯᠲᠠ ᠶᠢᠨ ᠵᠠᠷᠤᠳᠠᠯ ᠶᠢ ᠲᠤᠰ ᠱᠠᠲᠤᠨ ᠤ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠵᠢᠯ ᠤᠨ ᠲᠥᠰᠦᠪ ᠲᠡᠭᠡᠨ ᠣᠷᠣᠭᠤᠯᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ | ᠡᠷᠭᠢᠯᠳᠡ ᠬᠠᠮᠠᠭᠠᠯᠠᠯᠳᠠ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠤᠯᠲᠠ ᠪᠠᠨ ᠴᠢᠩᠭᠠᠳᠬᠠᠨ᠂ | ᠲᠤᠰᠬᠠᠶ ᠮᠥᠩᠭᠦ ᠶᠢ ᠲᠤᠰᠬᠠᠶ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠬᠤᠳᠠᠯᠳᠤᠭᠠᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠴᠢᠯᠠᠨᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ | ᠵᠤᠬᠢᠴᠠᠭᠤᠯᠵᠤ ᠪᠠᠶᠢᠭᠠᠳ᠂ ᠮᠦᠷᠳᠡᠨ ᠬᠠᠮᠢᠶᠠᠷᠬᠤ ᠰᠢᠰᠲ᠋ᠧᠮ ᠤᠨ ᠲᠤᠬᠠᠶ ᠬᠠᠮᠢᠶᠠᠷᠤᠯᠲᠠ᠂ ᠬᠠᠮᠠᠭᠠᠯᠠᠯᠳᠠ ᠪᠠᠨ | ᠴᠢᠩᠭᠠᠳᠬᠠᠵᠤ᠂ ᠰᠢᠰᠲ᠋ᠧᠮ ᠤᠨ ᠬᠡᠪ ᠶᠤᠰᠤᠭᠠᠷ᠂ ᠠᠮᠤᠷ ᠲᠦᠪᠰᠢᠨ᠂ ᠪᠦᠲᠦᠮᠵᠢᠲᠡᠶ ᠠᠵᠢᠯᠯᠠᠬᠤ ᠶᠢ ᠪᠠᠳᠤᠯᠠᠬᠤ | ᠬᠡᠷᠡᠭᠳᠡᠢ᠃.ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ | ᠪᠠᠶᠢᠭᠤᠯᠤᠭᠰᠠᠨ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ | ᠡᠵᠡᠩᠨᠡᠭᠴᠢ ᠪᠠ ᠪᠦᠭᠡᠮᠯᠡᠨ ᠬᠡᠷᠡᠭᠯᠡᠬᠦ ᠨᠢᠭᠡᠴᠡ ᠨᠢ ᠲᠤᠰ ᠰᠢᠰᠲ᠋ᠧᠮ ᠢ ᠬᠡᠷᠡᠭᠯᠡᠬᠦ ᠳᠦᠷᠢᠮ ᠲᠤᠭᠳᠠᠭᠠᠯ ᠢ | ᠲᠣᠭᠲᠠᠭᠠᠬᠤ ᠶᠢᠨ ᠬᠠᠮᠳᠤ ᠲᠤᠰᠬᠠᠢ ᠠᠵᠢᠯᠳᠠᠨ ᠲᠤᠬᠢᠷᠠᠭᠤᠯᠤᠨ ᠰᠤᠷᠠᠭ ᠵᠠᠩᠭᠢ ᠶᠢ ᠴᠤᠭᠯᠠᠭᠤᠯᠬᠤ᠂ ᠲᠠᠮᠵᠢᠭᠤᠯᠬᠤ | ᠂ ᠬᠤᠯᠪᠤᠭ᠎ᠠ ᠠᠪᠬᠤ ᠵᠡᠷᠭᠡ ᠲᠥᠬᠦᠭᠡᠷᠦᠮᠵᠢ ᠳᠤ ᠡᠳᠦᠷ ᠲᠤᠳᠤᠮ ᠤᠨ ᠬᠠᠮᠠᠭᠠᠯᠠᠯᠳᠠ ᠬᠢᠬᠦ ᠬᠡᠷᠡᠭᠲᠡᠶ᠃ | ᠭᠤᠷᠪᠠᠳᠤᠭᠠᠷ ᠪᠦᠯᠦᠭ ᠮᠦᠷᠳᠡᠬᠦ ᠬᠠᠮᠢᠶᠠᠷᠤᠯᠳᠠ | ᠠᠷᠪᠠᠨ ᠳᠥᠷᠪᠡᠳᠦᠭᠡᠷ ᠵᠦᠢᠯ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ | ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ ᠳᠡᠯᠭᠡᠭᠦᠷ ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ | ᠭᠠᠳᠠᠷ ᠬᠤᠳᠠ ᠶᠢᠨ ᠮᠢᠬᠠᠨ ᠤ ᠵᠦᠢᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠵᠠᠪᠠᠯ ᠦᠪᠡᠷ ᠬᠢ ᠪᠠᠨ | ᠨᠡᠷᠡᠶᠢᠳᠦᠯ᠂ ᠬᠠᠤᠯᠢ ᠶᠢᠨ ᠡᠷᠬᠡᠳᠡᠨ ᠪᠤᠶᠤ ᠬᠠᠷᠢᠭᠤᠴᠠᠯᠭᠠᠲᠠᠨ ᠤ ᠣᠪᠣᠭ ᠨᠡᠷ᠎ᠡ᠂ ᠬᠠᠶ᠋ᠢᠭ᠂ ᠬᠠᠷᠢᠯᠴᠠᠬᠤ ᠬᠡᠯᠪᠡᠷᠢ | ᠂ ᠠᠵᠤ ᠠᠬᠤᠶᠢᠯᠠᠯ ᠵᠢᠴᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ᠂ ᠢᠳᠡᠭᠡᠨ | ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ | ᠦᠨᠡᠮᠯᠡᠯ ︵ᠪᠤᠶᠤ ᠳᠡᠯᠭᠡᠭᠦᠷ ᠤᠨ ᠤᠷᠤ ᠨᠡᠶᠢᠳᠡᠯᠡᠬᠦ ᠫᠠᠶᠢᠰᠠ︶ ᠵᠡᠷᠭᠡ ᠭᠡᠷᠡᠴᠢ ᠮᠠᠲ᠋ᠧᠷᠢᠶᠠᠯ ᠢᠶᠠᠨ ᠬᠥᠬᠡᠬᠤᠲᠠ ᠶᠢᠨ | ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ ᠲᠠᠮᠵᠢᠭᠤᠯᠤᠨ᠂ | ᠡᠵᠡᠩᠨᠡᠨ ᠪᠤᠷᠤᠯᠠᠭᠤᠯᠤᠭᠴᠢ ᠶᠢᠨ ᠡᠯᠧᠺᠲᠷᠣᠨ ᠳᠠᠩᠰᠠ ᠡᠪᠬᠢᠮᠡᠯ ᠪᠠᠶᠢᠭᠤᠯᠬᠤ ᠬᠡᠷᠡᠭᠲᠡᠶ᠃ | ᠡᠮᠦᠨᠡᠬᠢ ᠪᠠᠳᠠᠭ ᠲᠤ ᠲᠣᠭᠲᠠᠭᠠᠭᠰᠠᠨ ᠰᠤᠷᠠᠭ ᠵᠠᠩᠭᠢ ᠨᠢ ᠬᠤᠪᠢᠷᠬᠠᠰᠠᠨ ᠦᠶ᠎ᠡ ᠳᠤ᠂ ᠢᠳᠡᠭᠡᠨ ᠪᠣᠯᠤᠨ | ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠨ ᠡᠵᠡᠩᠨᠡᠭᠴᠢᠳ ᠨᠢ ᠬᠤᠪᠢᠷᠠᠯᠲᠠ | ᠭᠠᠷᠤᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ᠂ ᠡᠯᠧᠺᠲᠷᠣᠨ ᠳᠠᠩᠰᠠ ᠡᠪᠬᠢᠮᠡᠯ ᠤᠨ ᠬᠤᠯᠪᠣᠭᠳᠠᠯ | ᠪᠦᠬᠦᠢ ᠠᠭᠤᠯᠭ᠎ᠠ ᠪᠡᠨᠰᠢᠨᠡᠳᠬᠡᠬᠦ ᠬᠡᠷᠡᠭᠳᠡᠢ ᠃ | ᠠᠷᠪᠠᠨ ᠲᠠᠪᠤᠳᠤᠭᠠᠷ ᠵᠦᠢᠯ ᠵᠠᠬ᠎ᠠ ᠳᠡᠯᠭᠡᠭᠦᠷ ᠳᠠᠬᠢ ᠡᠵᠡᠩᠨᠡᠭᠴᠢ ᠨᠢ ᠵᠦᠢ ᠶᠣᠰᠣᠨ ᠤ ᠤᠴᠢᠷ ᠰᠢᠯᠲᠠᠭᠠᠨ | ᠦᠭᠡᠢ ᠪᠠᠷ ᠨᠢᠭᠡ ᠰᠠᠷ᠎ᠠ ᠶᠢᠨ ᠳᠣᠲᠣᠷ᠎ᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ | ᠬᠠᠮᠢᠶᠠᠷᠬᠤ ᠬᠤᠪᠢᠶᠠᠷᠢ ᠰᠢᠰᠲ᠋ᠧᠮ ᠪᠣᠯᠤᠨ ᠮᠥᠷᠳᠡᠨ ᠬᠠᠮᠢᠶᠠᠷᠬᠤ ᠲᠠᠪᠴᠠᠩ ᠳᠤ ᠮᠢᠬᠠᠨ ᠤ ᠵᠦᠢᠯ ᠤᠨ ᠢᠳᠡᠰᠢᠨ | ᠨᠣᠭᠤᠭ᠎ᠠ ᠶᠢᠨ ᠡᠵᠡᠩᠨᠡᠵᠤ ᠪᠠᠶᠢᠭ᠎ᠠ ᠮᠡᠳᠡᠭᠡ ᠵᠠᠩᠭᠢ ᠶᠢᠨ ᠲᠡᠮᠳᠡᠭᠯᠡᠯ ᠦᠭᠡᠢ ᠪᠤᠯ᠂ ᠲᠡᠭᠦᠨ ᠢ ᠮᠢᠬᠠᠨ ᠤ ᠵᠦᠢᠯ | ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠡᠵᠡᠩᠨᠡᠯᠲᠡ ᠶᠢᠨ ᠲᠠᠯᠠᠪᠤᠷ ᠠᠴᠠ | ᠠᠯᠪᠠᠳᠠᠨ ᠭᠠᠷᠭᠠᠨ᠎ᠠ ᠃ | ᠠᠷᠪᠠᠨ ᠵᠢᠷᠭᠤᠳᠤᠭᠠᠷ ᠵᠦᠢᠯ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠠᠴᠠ ᠵᠠᠬ᠎ᠠ ᠳᠡᠯᠭᠡᠭᠦᠷ ᠲᠤ | ᠬᠤᠳᠠᠯᠳᠤᠵᠤ ᠪᠠᠶᠢᠭ᠎ᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠶᠠᠰᠤ ᠴᠢᠨᠠᠷ ᠤᠨ ᠬᠢᠷᠢ ᠲᠡᠩᠴᠡᠭᠰᠡᠨ ᠭᠡᠷᠡᠴᠢ | ᠪᠤᠯᠤᠨ ︽ᠭᠦᠢᠯᠭᠡᠭᠡᠨ ᠤ ᠦᠢᠯᠡᠴᠢᠯᠡᠭᠡᠨ ᠤ ᠺᠠᠷᠲ︾ ᠢ ᠪᠠᠶᠢᠴᠠᠭᠠᠨ ᠰᠢᠯᠭᠠᠬᠤ ᠬᠡᠷᠡᠭᠲᠡᠶ᠃ ᠮᠢᠬᠠᠨ ᠤ | ᠵᠦᠢᠯ ᠢᠳᠡᠰᠢᠨ ᠨᠣᠭᠤᠭ᠎ᠠ ᠬᠠᠩᠭᠠᠬᠤ ᠶᠠᠰᠤ ᠴᠢᠨᠠᠷ ᠤᠨ ᠬᠢᠷᠢ ᠲᠡᠩᠴᠡᠭᠰᠡᠨ ᠭᠡᠷᠡᠴᠢ ᠪᠤᠯᠤᠨ ︽ᠭᠦᠢᠯᠭᠡᠭᠡᠨ ᠤ | ᠦᠢᠯᠡᠴᠢᠯᠡᠭᠡᠨ ᠤ ᠺᠠᠷᠲ︾ ᠢ ᠴᠤᠭ ᠲᠤᠨᠢ ᠬᠠᠩᠭᠠᠵᠤ ᠲᠠᠶᠢᠯᠬᠦ ᠦᠭᠡᠢ ᠡᠵᠡᠩᠨᠡᠭᠴᠢ ᠶᠢ ᠵᠠᠬ᠎ᠠ ᠳᠡᠯᠭᠡᠭᠦᠷ ᠤᠨ | ᠨᠡᠭᠡᠭᠡᠨ ᠡᠵᠡᠩᠨᠡᠭᠴᠢ ᠠᠴᠠ ᠲᠡᠭᠦᠨ ᠤ ᠵᠠᠬ᠎ᠠ ᠳᠡᠯᠭᠡᠭᠦᠷ ᠲᠤ ᠤᠷᠤᠵᠤ ᠮᠢᠬᠠᠨ ᠤ ᠵᠦᠢᠯ ᠢᠳᠡᠰᠢᠨ ᠨᠣᠭᠤᠭᠠᠨ ᠤ | ᠪᠦᠳᠤᠭ᠍ᠳᠡᠭᠦᠨ ᠪᠤᠷᠤᠯᠠᠭᠤᠯᠬᠤ ᠶᠢ ᠲᠡᠪᠴᠢᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ | ᠬᠠᠮᠢᠶᠠᠷᠬᠤ ᠰᠢᠰᠲ᠋ᠧᠮ ᠳᠤ ᠤᠷᠤᠭᠰᠠᠨ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ | ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ ᠳᠡᠯᠭᠡᠭᠦᠷ ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ | ᠭᠠᠳᠠᠷ ᠬᠤᠳᠠ ᠶᠢᠨ ᠮᠢᠬᠠᠨ ᠤ ᠵᠦᠢᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠨᠢ ᠮᠢᠬᠠᠨ ᠤ ᠵᠦᠢᠯ | ᠢᠳᠡᠰᠢᠨ ᠨᠣᠭᠤᠭ᠎ᠠ ᠡᠵᠡᠩᠨᠡᠬᠦ ᠲᠡᠮᠳᠡᠭᠯᠡᠯ᠂ ᠦᠢᠯᠡᠳᠪᠦᠷᠢ ᠠᠴᠠ ᠭᠠᠷᠬᠤ ᠰᠢᠯᠭᠠᠨ ᠪᠠᠶᠢᠴᠠᠭᠠᠬᠤ ᠲᠡᠮᠳᠡᠭᠯᠡᠯ᠂ | ᠪᠠᠷᠠᠭ᠎ᠠ ᠣᠷᠣᠭᠤᠯᠬᠤ ᠪᠠᠶᠢᠴᠠᠭᠠᠨ ᠰᠢᠯᠭᠠᠯᠲᠠ ᠶᠢᠨ ᠲᠡᠮᠳᠡᠭᠯᠡᠯ᠂ ᠬᠢᠵᠢᠭ ᠰᠢᠯᠭᠠᠨ ᠪᠠᠶᠢᠴᠠᠭᠠᠬᠤ ᠲᠡᠮᠳᠡᠭᠯᠡᠯ ᠵᠡᠷᠭᠡ | ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠮᠢᠬᠠᠨ ᠤ ᠵᠦᠢᠯ ᠤᠨ ᠢᠳᠡᠰᠢᠨ ᠨᠣᠭᠤᠭ᠎ᠠ ᠶᠢᠨ ᠬᠠᠩᠭᠠᠨ | ᠪᠤᠷᠤᠯᠠᠭᠤᠯᠤᠯᠳᠠ ᠶᠢᠨ ᠡᠭᠡ ᠲᠠᠩᠰᠠ ᠪᠠᠶᠢᠭᠤᠯᠬᠤ ᠬᠡᠷᠡᠭᠲᠡᠶ᠃ ᠳᠡᠭᠡᠷ᠎ᠡ ᠳᠤᠷᠠᠳᠤᠭᠰᠠᠨ ᠨᠢᠭᠡᠴᠡ ᠨᠢ ᠲᠣᠰ | ᠵᠦᠢᠯ ᠤᠨ ᠡᠮᠦᠨᠡᠬᠢ ᠪᠠᠳᠠᠭ ᠲᠤ ᠲᠣᠭᠲᠠᠭᠠᠭᠰᠠᠨ ᠲᠡᠮᠳᠡᠭᠯᠡᠯ ᠤᠨ ᠠᠭᠤᠯᠭ᠎ᠠ᠂ ᠮᠢᠬᠠᠨ ᠤ ᠵᠦᠢᠯ ᠨᠣᠭᠤᠭ᠎ᠠ | ᠠᠷᠠᠯᠵᠢᠶᠠᠯᠠᠭᠰᠠᠨ ᠵᠡᠷᠭᠡ ᠬᠤᠯᠪᠣᠭᠳᠠᠯ ᠪᠦᠬᠦᠢ ᠰᠤᠷᠠᠭ ᠵᠠᠩᠭᠢ ᠶᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ | ᠭᠦᠢᠯᠭᠡᠭᠡ ᠶᠢ ᠮᠥᠷᠳᠡᠨ ᠬᠠᠮᠢᠶᠠᠷᠬᠤ ᠰᠠᠯᠪᠤᠷᠢ ᠰᠢᠰᠲ᠋ᠧᠮ ᠳᠤ ᠲᠤᠭᠳᠠᠭᠠᠯ ᠶᠤᠰᠤᠭᠠᠷ ᠤᠷᠤᠭᠤᠯᠤᠨ᠂ ᠮᠢᠬᠠᠨ ᠤ | ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ ᠲᠠᠮᠵᠢᠭᠤᠯᠤᠨ ᠭᠦᠢᠯᠭᠡᠭᠡᠨ ᠤ | ︽ᠦᠢᠯᠡᠴᠢᠯᠡᠭᠡᠨ ᠤ ᠺᠠᠷᠲ︾ ᠳᠤ ᠤᠷᠤᠭᠤᠯᠵᠤ ᠡᠯᠧᠺᠲᠷᠣᠨ ᠡᠬᠡ ᠳᠠᠩᠰᠠ ᠪᠦᠷᠢᠯᠳᠦᠭᠦᠯᠬᠦ ᠬᠡᠷᠡᠭᠳᠡᠢ ᠃ | ᠠᠷᠪᠠᠨ ᠨᠠᠢᠮᠠᠳᠤᠭᠠᠷ ᠵᠦᠢᠯ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ | ᠬᠠᠮᠢᠶᠠᠷᠬᠤ ᠰᠢᠰᠲ᠋ᠧᠮ ᠳᠤ ᠤᠷᠤᠭᠰᠠᠨ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ ᠨᠢ ᠵᠠᠬ᠎ᠠ | ᠳᠡᠯᠭᠡᠭᠦᠷ ᠳᠠᠬᠢ ᠡᠵᠡᠩᠨᠡᠭᠴᠢ ᠶᠢᠨ ᠲᠣᠭᠲᠠᠮᠠᠯ ᠲᠠᠯᠠᠪᠤᠷ ᠭᠠᠷᠭᠠᠬᠤ ᠬᠡᠷᠡᠭᠲᠡᠶ᠂ ᠮᠥᠷᠳᠡᠨ ᠬᠠᠮᠢᠶᠠᠷᠬᠤ ᠰᠢᠰᠲ᠋ᠧᠮ ᠤᠨ | ᠪᠦᠬᠦᠯᠢ ᠴᠣᠭᠴᠠ ᠶᠢᠨ ᠠᠵᠢᠯᠯᠠᠭᠠᠨ ᠢ ᠲᠤᠰᠬᠠᠶ ᠬᠥᠮᠦᠨ ᠲᠣᠬᠢᠷᠠᠭᠤᠯᠤᠨ ᠬᠠᠷᠢᠭᠤᠴᠠᠭᠤᠯᠵᠤ᠂ ᠬᠠᠮᠢᠶ᠎ᠠ ᠪᠦᠬᠦᠢ | ᠠᠵᠢᠯᠲᠠᠨ ᠤ ᠡᠭᠦᠷᠭᠡ ᠬᠠᠷᠢᠭᠤᠴᠠᠯᠭ᠎ᠠ ᠲᠣᠳᠣᠷᠬᠠᠶ᠂ ᠲᠤᠰᠬᠠᠶ ᠬᠡᠷᠡᠭᠯᠡᠭᠡᠨ ᠤ ᠲᠥᠬᠦᠭᠡᠷᠦᠮᠵᠢ ᠶᠢ ᠰᠠᠶᠢᠲᠤᠷ | ᠬᠠᠳᠠᠭᠠᠯᠠᠨ ᠬᠠᠮᠢᠶᠠᠷᠬᠤ ᠶᠢᠨ ᠬᠠᠮᠳᠤ ᠲᠤᠰ ᠠᠯᠠᠵᠤ ᠨᠢᠲᠤᠯᠬᠤ ᠠᠵᠤ ᠠᠬᠤᠶᠢᠯᠠᠯ ᠤᠨ ᠮᠢᠬᠠᠨ ᠤ ᠵᠦᠢᠯ ᠤᠨ | ᠭᠦᠢᠯᠭᠡᠭᠡᠨ ᠤ ︽ᠦᠢᠯᠡᠴᠢᠯᠡᠭᠡᠨ ᠤ ᠺᠠᠷᠲ︾ ᠣᠯᠭᠤᠬᠤ᠂ ᠬᠠᠯᠠᠵᠤ ᠦᠭᠡᠷᠡᠴᠢᠯᠡᠬᠦ᠂ ᠡᠭᠡᠭᠦᠯᠦᠨ ᠬᠤᠷᠢᠶᠠᠬᠤ | ᠠᠵᠢᠯ ᠢ ᠬᠠᠷᠢᠭᠤᠴᠠᠵᠤ᠂ ᠠᠮᠢᠳᠤ ᠭᠠᠭ᠋ᠠᠶ ︵ᠦᠬᠡᠷ ᠬᠤᠨᠢ︶ ᠶᠢᠨ ᠲᠠᠯᠠᠪᠤᠷ ᠲᠤ ᠤᠷᠤᠬᠤ ᠪᠠᠶᠢᠴᠠᠭᠠᠨ ᠰᠢᠯᠭᠠᠬᠤ | ᠪᠠ ᠠᠯᠠᠬᠤ ᠠᠴᠠ ᠡᠮᠤᠨᠡᠬᠢ᠂ ᠠᠯᠠᠬᠤ ᠲᠤᠮᠳᠠᠬᠢ᠂ ᠠᠯᠠᠭᠰᠠᠨ ᠤ ᠲᠠᠷᠠᠭᠠᠬᠢ ᠬᠢᠵᠢᠭ ᠪᠠᠶᠢᠴᠠᠭᠠᠬᠤ ᠰᠤᠷᠠᠭ | ᠵᠠᠩᠭᠢ ᠶᠢ ᠺᠣᠮᠫᠢᠦ᠋ᠲ᠋ᠧᠷ ᠲᠤ ᠣᠷᠣᠭᠤᠯᠬᠤ ᠠᠵᠢᠯ ᠳᠤ ᠬᠢᠨᠠᠯᠳᠠ ᠲᠠᠯᠪᠢᠵᠤ᠂ ᠵᠠᠬ᠎ᠠ ᠳᠡᠯᠭᠡᠭᠦᠷ ᠳᠠᠬᠢ ᠡᠵᠡᠩᠨᠡᠭᠴᠢ | ᠶᠢᠨ ᠦᠨᠳᠦᠰᠦᠨ ᠰᠤᠷᠠᠭ ᠵᠠᠩᠭᠢ ᠶᠢ ᠲᠠᠩᠰᠠᠯᠠᠭᠤᠯᠤᠨ᠂ ᠠᠷᠠᠯᠵᠢᠶᠠᠯᠠᠭᠰᠠᠨ ᠲᠤᠭ᠎ᠠ ᠪᠠᠷᠢᠮᠲᠠ ᠢ ᠭᠦᠢᠯᠭᠡᠭᠡᠨ ᠤ ︽ | ᠦᠢᠯᠡᠴᠢᠯᠡᠭᠡᠨ ᠤ ᠺᠠᠷᠲ︾ ᠳᠤ ᠪᠢᠴᠢᠨ ᠣᠷᠣᠭᠤᠯᠵᠤ᠂ ᠲᠤᠰ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ | ᠠᠬᠤᠶᠢᠯᠠᠯ ᠪᠤᠯᠤᠨ ᠵᠠᠬ᠎ᠠ ᠳᠡᠯᠭᠡᠭᠦᠷ ᠳᠠᠬᠢ ᠡᠵᠡᠩᠨᠡᠭᠴᠢ ᠶᠢ ᠰᠢᠮᠳᠠᠭᠤᠯᠤᠨ ᠱᠠᠭᠠᠷᠳᠠᠵᠤ ᠪᠠᠶᠢᠭᠠᠳ ᠲᠤᠰ | ᠠᠷᠭ᠎ᠠ ᠶᠢᠨ ᠠᠷᠪᠠᠨ ᠳᠣᠯᠣᠳᠤᠭᠠᠷ ᠵᠦᠢᠯ ᠳᠤ ᠲᠣᠭᠲᠠᠭᠠᠭᠰᠠᠨ ᠲᠡᠮᠳᠡᠭᠯᠡᠯ ᠤᠨ ᠠᠭᠤᠯᠭ᠎ᠠ ᠪᠠᠨ ᠴᠢᠭ᠋ | ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ ᠤᠨᠮᠥ᠋ᠷᠳᠡᠨ ᠬᠠᠮᠢᠶᠠᠷᠬᠤ ᠬᠤᠪᠢᠶᠠᠷᠢ ᠰᠢᠰᠲ᠋ᠧᠮ ᠳᠤ | ᠤᠷᠤᠭᠤᠯᠤᠨ ᠡᠬᠡ ᠲᠠᠩᠰᠠ ᠪᠤᠯᠭᠠᠨ᠂ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠮᠢᠬᠠᠨ ᠤ ᠵᠦᠢᠯ ᠢᠳᠡᠰᠢᠨ | ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ ᠲᠠᠮᠵᠢᠭᠤᠯᠤᠨ ᠬᠦᠷᠭᠡᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ | ᠬᠠᠮᠢᠶᠠᠷᠬᠤ ᠰᠢᠰᠲ᠋ᠧᠮ ᠳᠤ ᠤᠷᠤᠭᠰᠠᠨ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠠᠴᠠ ᠵᠠᠬ᠎ᠠ ᠳᠡᠯᠭᠡᠭᠦᠷ ᠳᠠᠬᠢ | ᠡᠵᠡᠩᠨᠡᠭᠴᠢ ᠶᠢ ᠰᠢᠮᠳᠠᠭᠤᠯᠵᠤ ᠪᠠᠶᠢᠭᠠᠳ ᠡᠵᠡᠩᠨᠡᠯᠲᠡ ᠶᠢᠨ ᠭᠤᠣᠯ ᠴᠣᠭᠴᠠ ᠶᠢᠨ ᠳᠠᠩᠰᠠ ᠡᠪᠬᠡᠮᠡᠯ ᠤᠨ ᠮᠡᠳᠡᠭᠡ | ᠵᠠᠩᠭᠢ ᠪᠤᠯᠤᠨ ᠲᠠᠯᠠᠪᠠᠶ ᠳᠤ ᠣᠷᠣᠵᠤ ᠪᠤᠷᠤᠯᠠᠭᠤᠯᠬᠤ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ | ᠮᠥᠷᠳᠡᠨ ᠬᠠᠮᠢᠶᠠᠷᠬᠤ ᠰᠤᠷᠠᠭ ᠵᠠᠩᠭᠢ ᠶᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠮᠥᠷᠳᠡᠨ | ᠬᠠᠮᠢᠶᠠᠷᠬᠤ ᠰᠠᠯᠪᠤᠷᠢ ᠰᠢᠰᠲ᠋ᠧᠮ ᠳᠤ ᠤᠷᠤᠭᠤᠯᠵᠤ᠂ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠮᠢᠬᠠᠨ ᠤ ᠵᠦᠢᠯ | ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ ᠲᠮᠵᠢᠭᠤᠯᠤᠨ ᠬᠦᠷᠭᠡᠬᠦ ᠬᠡᠷᠡᠭᠲᠡᠶ᠃ | ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠠᠴᠠ ᠵᠠᠬ᠎ᠠ ᠳᠡᠯᠭᠡᠭᠦᠷ ᠳᠠᠬᠢ ᠡᠵᠡᠩᠨᠡᠭᠴᠢᠳ ᠤᠨ ᠲᠣᠭᠲᠠᠮᠠᠯ | ᠳᠠᠩᠰᠠᠯᠠᠭᠤᠯᠤᠭᠰᠠᠨ ᠭᠠᠵᠠᠷ ᠪᠠᠶᠢᠭᠤᠯᠬᠤ ᠶᠢᠨ ᠬᠠᠮᠳᠤ᠂ ᠵᠠᠬ᠎ᠠ ᠳᠡᠯᠭᠡᠭᠦᠷ ᠳᠠᠬᠢ ᠡᠵᠡᠩᠨᠡᠭᠴᠢᠳ ᠵᠠᠪᠠᠯ ᠡᠯᠧᠺᠲᠷᠣᠨ | ᠵᠢᠩᠯᠡᠭᠦᠷ ᠬᠡᠷᠡᠭᠯᠡᠬᠦ ᠂ ᠬᠠᠩᠭᠠᠨ ᠪᠣᠷᠣᠯᠠᠭᠤᠯᠬᠤ ᠭᠡᠷᠡᠴᠢ ᠲᠡᠮᠳᠡᠭ ᠪᠠ ᠪᠣᠷᠣᠯᠠᠭᠤᠯᠤᠭᠰᠠᠨᠮᠡᠳᠡᠭᠡ ᠵᠠᠩᠭᠢ ᠶᠢ | ᠳᠠᠮᠵᠢᠭᠤᠯᠬᠤ ᠶᠢ ᠱᠠᠭᠠᠷᠳᠠᠵᠤ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ | ᠨᠡᠭᠡᠭᠡᠨ ᠡᠵᠡᠩᠨᠡᠭᠴᠢ ᠨᠢ ᠵᠠᠬ᠎ᠠ ᠳᠡᠯᠭᠡᠭᠦᠷ ᠳᠠᠬᠢ ᠡᠵᠡᠩᠨᠡᠭᠴᠢᠳ ᠤᠨ ᠲᠠᠷᠢᠶᠠᠯᠠᠩ᠂ ᠠᠯᠠᠵᠤ ᠨᠢᠲᠤᠯᠬᠤ | ᠭᠤᠭᠴᠤᠭ᠎ᠠ ᠠᠴᠠ ᠰᠢᠭᠤᠳ ᠤᠷᠤᠭᠤᠯᠤᠭᠰᠠᠨ ᠮᠢᠬᠠᠨ ᠤ ᠵᠦᠢᠯ ᠢᠳᠡᠰᠢᠨ ᠨᠣᠭᠤᠭ᠎ᠠ ᠶᠢ ᠵᠠᠬ᠎ᠠ ᠳᠡᠯᠭᠡᠭᠦᠷ ᠳᠠᠬᠢ | ᠡᠵᠡᠩᠨᠡᠭᠴᠢ ᠶᠢ ᠰᠢᠬᠠᠮᠳᠠᠭᠤᠯᠵᠤ ᠪᠠᠶᠢᠭᠠᠳ ᠲᠤᠰ ᠠᠷᠭ᠎ᠠ ᠶᠢᠨ ᠠᠷᠪᠠᠨ ᠳᠣᠯᠣᠳᠤᠭᠠᠷ ᠵᠦᠢᠯ ᠤᠨ ᠲᠤᠭᠳᠠᠭᠠᠯ | ᠶᠤᠰᠤᠭᠠᠷ ᠲᠡᠮᠳᠡᠭᠯᠡᠭᠰᠡᠨ ᠠᠭᠤᠯᠭ᠎ᠠ ᠪᠠᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠮᠥᠷᠳᠡᠨ | ᠬᠠᠮᠢᠶᠠᠷᠬᠤ ᠰᠠᠯᠪᠤᠷᠢ ᠰᠢᠰᠲ᠋ᠧᠮ ᠳᠤ ᠤᠷᠤᠭᠤᠯᠤᠨ ᠡᠭᠡ ᠲᠠᠩᠰᠠ ᠪᠤᠢ ᠪᠤᠯᠭᠠᠵᠤ᠂ ᠲᠣᠭᠲᠠᠭᠰᠠᠨ ᠴᠠᠭ | ᠬᠤᠭᠤᠴᠠᠭᠠᠨ ᠳᠣᠲᠣᠷ᠎ᠠ ᠬᠤᠳᠠ ᠶᠢᠨ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ | ᠬᠠᠮᠢᠶᠠᠷᠬᠤ ᠲᠠᠪᠴᠠᠩ ᠳᠤ ᠲᠠᠮᠵᠢᠭᠤᠯᠤᠨ ᠬᠦᠷᠭᠡᠬᠦ ᠬᠡᠷᠡᠭᠲᠡᠶ᠃ | ᠬᠤᠷᠢᠳᠤᠭᠠᠷ ᠵᠦᠢᠯ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ | ᠰᠢᠰᠲ᠋ᠧᠮ ᠳᠤ ᠤᠷᠤᠭᠰᠠᠨ ᠵᠠᠬ᠎ᠠ ᠳᠡᠯᠭᠡᠭᠦᠷ ᠳᠠᠬᠢ ᠡᠵᠡᠩᠨᠡᠭᠴᠢ ᠨᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ | ᠵᠠᠬ᠎ᠠ ᠳᠡᠯᠭᠡᠭᠦᠷ ᠤᠨ ᠬᠠᠮᠢᠶᠠᠷᠤᠯᠲᠠ ᠯᠤᠭ᠎ᠠ ᠬᠠᠮᠵᠢᠯᠴᠠᠵᠤ ᠪᠠᠶᠢᠭᠠᠳ ᠡᠯᠧᠺᠲᠷᠣᠨ ᠵᠢᠩᠯᠡᠭᠦᠷ ᠢ ᠵᠥᠪ ᠬᠡᠷᠡᠭᠯᠡᠨ᠂ | ᠬᠡᠷᠡᠭᠯᠡᠭᠴᠢᠳ ᠳᠤ ᠮᠢᠬᠠᠨ ᠤ ᠵᠦᠢᠯ ᠢᠳᠡᠰᠢᠨ ᠨᠣᠭᠤᠭ᠎ᠠ ᠮᠦᠷᠳᠡᠬᠦ ᠮᠡᠳᠡᠭᠡ ᠵᠠᠩᠭᠢ ᠲᠠᠢ ᠪᠤᠷᠤᠯᠠᠭᠤᠯᠤᠯᠳᠠ ᠶᠢᠨ | ᠭᠡᠷᠡᠴᠢ ᠪᠠᠷᠢᠮᠲᠠᠬᠠᠩᠭᠠᠬᠤ ᠬᠡᠷᠡᠭᠳᠡᠢ᠃ ᠵᠠᠬ᠎ᠠ ᠳᠡᠯᠭᠡᠭᠦᠷ ᠳᠠᠬᠢ ᠡᠵᠡᠩᠨᠡᠭᠴᠢ ᠨᠢ ᠡᠯᠧᠺᠲᠷᠣᠨ ᠵᠢᠩᠯᠡᠭᠦᠷ ᠬᠡᠷᠡᠭᠯᠡᠬᠦ | ᠦᠭᠡᠢ ᠪᠠᠶᠢᠪᠠᠯ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ | ᠡᠵᠡᠩᠨᠡᠯᠲᠡ ᠶᠢᠨ ᠲᠠᠯᠠᠪᠤᠷ ᠠᠴᠠ ᠵᠠᠷᠯᠢᠭᠳᠠᠨ ᠭᠠᠷᠭᠠᠬᠤ ᠬᠡᠷᠡᠭᠳᠡᠢ ᠃ | ᠬᠤᠷᠢᠨ ᠨᠢᠭᠡᠳᠦᠭᠡᠷ ᠵᠦᠢᠯ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ | ᠬᠠᠮᠢᠶᠠᠷᠬᠤ ᠰᠢᠰᠲ᠋ᠧᠮ ᠳᠤ ᠤᠷᠤᠭᠰᠠᠨ ᠪᠦᠭᠡᠮᠯᠡᠨ ᠬᠡᠷᠡᠭᠯᠡᠬᠦ ᠨᠢᠭᠡᠴᠡ ᠨᠢ ᠲᠤᠰ ᠨᠢᠭᠡᠴᠡ ᠶᠢᠨ ᠢᠶᠠᠨ ᠮᠥᠷᠳᠡᠨ | ᠬᠠᠮᠢᠶᠠᠷᠬᠤ ᠰᠢᠰᠲ᠋ᠧᠮ ᠤᠨ ᠬᠡᠷᠡᠭᠯᠡᠬᠦ ᠪᠡᠯᠡᠳᠭᠡᠮᠵᠢ ᠲᠥᠬᠦᠭᠡᠷᠦᠮᠵᠢ᠂ ᠬᠤᠳᠠᠯᠳᠤᠨ ᠠᠪᠤᠭᠰᠠᠨ ᠭᠡᠷᠡᠴᠢ ᠪᠠᠷᠢᠮᠲᠠ | ᠬᠠᠩᠭᠠᠬᠤ ᠪᠠ ᠬᠤᠳᠠᠯᠳᠤᠨ ᠠᠪᠬᠤ ᠰᠤᠷᠠᠭ ᠵᠠᠩᠭᠢ ᠳᠠᠮᠵᠢᠭᠤᠯᠬᠤ ᠵᠡᠷᠭᠡ ᠠᠵᠢᠯ ᠳᠤ ᠬᠢᠨᠠᠯᠲᠠ ᠲᠠᠯᠪᠢᠨ ᠬᠠᠮᠢᠶᠠᠷᠴᠤ | ᠂ ᠲᠤᠰ ᠨᠢᠭᠡᠴᠡᠶᠢᠨ ᠬᠤᠭᠤᠯᠠ ᠤᠮᠳᠠᠭᠠᠨ ᠤ ᠰᠠᠯᠠᠭ᠎ᠠ ᠮᠥᠴᠢᠷ ᠢ ᠰᠢᠬᠠᠮᠳᠠᠭᠤᠯᠵᠤ ᠪᠠᠶᠢᠭᠠᠳ ᠮᠢᠬᠠᠨ ᠤ ᠵᠦᠢᠯ | ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠡᠵᠡᠩᠨᠡᠯᠲᠡ ᠶᠢᠨ ᠲᠠᠯᠠᠪᠤᠷ ᠠᠴᠠ | ᠬᠤᠳᠠᠯᠳᠤᠨ ᠠᠪᠤᠭᠰᠠᠨ ᠮᠡᠳᠡᠭᠡ ᠵᠠᠩᠭᠢ ᠶᠢ ᠮᠥᠷᠳᠡᠨ ᠬᠠᠮᠢᠶᠠᠷᠬᠤ ᠰᠢᠰᠲ᠋ᠧᠮ ᠤᠨ ᠬᠤᠪᠢᠶᠠᠷᠢ | ᠰᠢᠰᠲ᠋ᠧᠮ ᠳᠤ ᠤᠷᠤᠭᠤᠯᠵᠤ᠂ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠮᠢᠬᠠᠨ ᠤ ᠵᠦᠢᠯ ᠢᠳᠡᠰᠢᠨ | ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ ᠲᠠᠮᠵᠢᠭᠤᠯᠤᠨ ᠬᠦᠷᠭᠡᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠴᠢᠭ᠋ ᠲᠣᠭᠲᠠᠭᠠᠭᠰᠠᠨᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ | ᠳᠡᠯᠭᠡᠭᠦᠷ ᠤᠨ ᠨᠡᠭᠡᠭᠡᠨ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ ᠭᠠᠳᠠᠷ ᠮᠤᠵᠢ ᠤᠷᠤᠨ ᠤ ᠮᠢᠬᠠᠨ ᠤ | ᠵᠦᠢᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠨᠢ ᠲᠤᠰ ᠡᠳᠦᠷ ᠤᠨ ᠡᠵᠡᠩᠨᠡᠯᠲᠡ ᠶᠢᠨ ᠭᠤᠤᠯ | ᠴᠣᠭᠴᠠ ᠶᠢᠨ ᠦᠨᠳᠦᠰᠦᠨ ᠮᠡᠳᠡᠭᠡ ᠵᠠᠩᠭᠢ᠂ ᠲᠠᠯᠠᠪᠤᠷ ᠲᠤ ᠤᠷᠤᠭᠰᠠᠨ ᠮᠡᠳᠡᠭᠡ ᠵᠠᠩᠭᠢ᠂ ᠬᠢᠵᠢᠭ ᠰᠢᠯᠭᠠᠨ | ᠪᠠᠶᠢᠴᠠᠭᠠᠬᠤ ᠮᠡᠳᠡᠭᠡ ᠵᠠᠩᠭᠢ᠂ ᠠᠷᠠᠯᠵᠢᠶᠠᠨ ᠤ ᠮᠡᠳᠡᠭᠡ ᠵᠠᠩᠭᠢ ᠶᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ | ᠭᠦᠢᠯᠭᠡᠭᠡ ᠶᠢ ᠮᠥᠷᠳᠡᠨ ᠬᠠᠮᠢᠶᠠᠷᠬᠤ ᠲᠠᠪᠴᠠᠩ ᠳᠤ ᠴᠠᠭ ᠲᠤᠬᠠᠢ ᠳᠤᠨᠢ ᠲᠠᠮᠵᠢᠭᠤᠯᠤᠨ ᠬᠦᠷᠭᠡᠬᠦ ᠬᠡᠷᠡᠭᠳᠡᠢ᠃ | ᠬᠤᠯᠪᠤᠭᠳᠠᠯ ᠪᠥᠬᠦᠶ ᠡᠯᠧᠺᠲᠷᠣᠨ ᠮᠡᠳᠡᠭᠡ ᠵᠠᠩᠭᠢ ᠶᠢ ᠡᠯ᠎ᠡ ᠮᠥᠷᠳᠡᠨ ᠬᠠᠮᠢᠶᠠᠷᠬᠤ ᠬᠤᠪᠢᠶᠠᠷᠢ ᠰᠢᠰᠲ᠋ᠧᠮ ᠤᠨ | ᠳᠣᠲᠣᠷ᠎ᠠ ᠨᠠᠭᠠᠳᠤ ᠵᠠᠬ᠎ᠠ ᠳᠠᠭᠠᠨ ᠬᠤᠶᠠᠷ ᠵᠢᠯ ᠠᠴᠠ ᠳᠡᠭᠡᠭᠰᠢ ᠬᠠᠳᠠᠭᠠᠯᠠᠵᠤ ᠬᠡᠷᠡᠭᠳᠡᠢ᠃ | ᠬᠤᠷᠢᠨ ᠭᠤᠷᠪᠠᠳᠤᠭᠠᠷ ᠵᠦᠢᠯ ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ | ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ ᠳᠡᠯᠭᠡᠭᠦᠷ ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ | ᠭᠠᠳᠠᠷ ᠬᠤᠳᠠ ᠶᠢᠨ ᠮᠢᠬᠠᠨ ᠤ ᠵᠦᠢᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠣᠣᠷᠠᠬᠢ ᠮᠡᠳᠤ | ᠠᠵᠢᠯᠯᠠᠭ᠎ᠠ ᠶᠢ ᠶᠠᠪᠤᠭᠳᠠᠭᠤᠯᠵᠤ ᠪᠣᠯᠬᠤ ᠦᠭᠡᠢ᠄ | ︵ᠨᠢᠭᠡ︶ ᠭᠠᠵᠢᠭᠤ ᠰᠠᠨᠠᠭ᠎ᠠ ᠪᠠᠷ ᠮᠥᠷᠳᠡᠨ ᠬᠠᠮᠢᠶᠠᠷᠬᠤ ᠰᠢᠰᠲ᠋ᠧᠮ ᠤᠨ ᠪᠡᠯᠡᠳᠭᠡᠮᠵᠢ ᠲᠥᠬᠦᠭᠡᠷᠦᠮᠵᠢ | ᠶᠢ ᠡᠪᠳᠡᠵᠦ ᠰᠦᠢᠳᠬᠡᠬᠦ ︔ | ︵ᠬᠤᠶᠠᠷ︶ ᠮᠥᠷᠳᠡᠨ ᠬᠠᠮᠢᠶᠠᠷᠬᠤ ᠮᠡᠳᠡᠭᠡ ᠵᠠᠩᠭᠢ ᠶᠢ ᠦᠭᠡᠷᠡᠳᠡᠭᠦᠯᠬᠦ︔ | ︵ᠭᠤᠷᠪᠠ︶ ᠮᠥᠷᠳᠡᠨ ᠬᠠᠮᠢᠶᠠᠷᠬᠤ ᠮᠡᠳᠡᠭᠡ ᠵᠠᠩᠭᠢ ᠶᠢ ᠦᠯᠦ ᠮᠡᠳᠡᠭᠦᠯᠬᠦ᠂ ᠨᠢᠭᠤᠵᠤ ᠮᠡᠳᠡᠭᠦᠯᠬᠦ᠂ | ᠬᠤᠳᠠᠯ ᠮᠡᠳᠡᠭᠦᠯᠬᠦ᠂ ᠬᠤᠴᠤᠷᠠᠵᠤ ᠮᠡᠳᠡᠭᠦᠯᠬᠦ᠂ ᠭᠡᠭᠡᠭᠳᠡᠭᠦᠯᠦᠨ ᠮᠡᠳᠡᠭᠦᠯᠬᠦ᠂ ᠪᠤᠷᠤᠭᠤ ᠮᠡᠳᠡᠭᠦᠯᠬᠦ ︔ | ᠬᠤᠷᠢᠨ ᠳᠥᠷᠪᠡᠳᠦᠭᠡᠷ ᠵᠦᠢᠯ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠵᠢᠴᠢ ᠴᠢᠭ᠋ ᠲᠣᠭᠲᠠᠭᠠᠭᠰᠠᠨ | ᠠᠯᠠᠵᠤ ᠨᠢᠲᠤᠯᠬᠤ ᠠᠵᠤ ᠠᠬᠤᠶᠢᠯᠠᠯ ᠪᠣᠯᠤᠨ ᠵᠠᠬ᠎ᠠ ᠳᠡᠯᠭᠡᠭᠦᠷ ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ | ᠨᠢ ᠲᠠᠭᠠᠴᠢᠯᠠᠨ ᠡᠵᠡᠩᠨᠡᠭᠴᠢᠳ ᠯᠦᠭᠡ ᠡᠵᠡᠩᠨᠡᠬᠦ ᠭᠡᠷ᠎ᠡ ᠲᠣᠭᠲᠠᠭᠠᠬᠤ ᠦᠶ᠎ᠡ ᠳᠤ᠂ ᠭᠡᠷ᠎ᠡ ᠲᠤᠳᠤᠷ᠎ᠠ ᠪᠠᠨ ᠮᠢᠬᠠᠨ ᠤ | ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ | ᠪᠠᠶᠢᠭᠤᠯᠤᠯᠲᠠ ᠶᠢᠨ ᠦᠨᠳᠦᠰᠦᠨ ᠱᠠᠭᠠᠷᠳᠠᠯᠭ᠎ᠠ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ | ᠬᠠᠮᠢᠶᠠᠷᠬᠤ ᠲᠤᠭ᠎ᠠ ᠪᠠᠷᠢᠮᠲᠠ ᠶᠢ ᠴᠠᠭ ᠳᠠᠷᠤᠶ ᠳᠤᠨᠢ ᠲᠠᠮᠵᠢᠭᠤᠯᠤᠨ ᠡᠯᠧᠺᠲᠷᠣᠨ ᠲᠠᠩᠰᠠ ᠡᠪᠬᠢᠮᠡᠯ | ᠪᠦᠷᠢᠯᠳᠦᠭᠦᠯᠵᠤ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ | ᠪᠤᠶᠤ ᠬᠤᠯᠪᠣᠭᠳᠠᠯ ᠪᠦᠬᠦᠢ ᠪᠡᠯᠡᠳᠭᠡᠮᠵᠢ ᠲᠥᠬᠦᠭᠡᠷᠦᠮᠵᠢ ᠶᠢ ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠬᠤ ᠵᠡᠷᠭᠡ | ᠠᠭᠤᠯᠭ᠎ᠠ ᠶᠢ ᠪᠠᠭᠳᠠᠭᠠᠬᠤ ᠬᠡᠷᠡᠭᠳᠡᠢ᠃ ᠭᠡᠷ᠎ᠡ ᠵᠥᠷᠢᠴᠡᠭᠰᠡᠨ ᠵᠠᠬ᠎ᠠ ᠳᠡᠯᠭᠡᠭᠦᠷ ᠳᠠᠬᠢ ᠡᠵᠡᠩᠨᠡᠭᠴᠢ᠂ ᠵᠠᠬ᠎ᠠ | ᠳᠡᠯᠭᠡᠭᠦᠷ ᠤᠨ ᠨᠡᠭᠡᠭᠡᠨ ᠡᠵᠡᠩᠨᠡᠭᠴᠢᠳ ᠠᠯᠳᠠᠭ᠎ᠠ ᠪᠤᠷᠤᠭᠤ ᠪᠠᠶᠢᠪᠠᠯ ᠴᠠᠭ ᠲᠤᠬᠠᠶ ᠳᠤᠨᠢ ᠵᠠᠯᠠᠷᠠᠭᠤᠯᠵᠤ᠂ ᠦᠢᠯᠡ | ᠠᠵᠢᠯᠯᠠᠭ᠎ᠠ ᠨᠢ ᠬᠦᠨᠳᠦ ᠨᠣᠴᠢᠲᠠᠶ ᠪᠠᠶᠢᠪᠠᠯ ᠭᠡᠷ᠎ᠡ ᠶᠢ ᠤᠷᠢᠳᠴᠢᠯᠠᠨ ᠬᠦᠴᠤᠨ ᠦᠭᠡᠢ ᠪᠤᠯᠭᠠᠵᠤ ᠲᠡᠭᠦᠨ ᠢ | ᠵᠠᠷᠯᠢᠭᠳᠠᠵᠤ ᠪᠠᠶᠢᠭᠠᠳ ᠡᠵᠡᠩᠨᠡᠯᠲᠡ ᠶᠢᠨ ᠲᠠᠯᠠᠪᠤᠷ ᠠᠴᠠ ᠭᠠᠷᠭᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠬᠤᠳᠠᠯᠳᠤᠭᠠᠨ ᠤ ᠶᠠᠪᠤᠳᠠᠯ᠂ ᠲᠠᠷᠢᠶᠠᠯᠠᠩ ᠮᠠᠯ ᠠᠵᠤ ᠠᠬᠤᠶ᠂ ᠢᠳᠡᠭᠡᠨ | ᠡᠮ ᠤᠨ ᠵᠦᠢᠯ ᠤᠨ ᠬᠢᠨᠠᠨ ᠬᠠᠮᠢᠶᠠᠷᠤᠯᠲᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠡᠳ᠋ ᠤᠨ | ᠵᠠᠰᠠᠭ᠂ ᠰᠤᠷᠭᠠᠨ ᠬᠦᠮᠤᠵᠢᠯ᠂ ᠳᠣᠲᠣᠭᠠᠳᠤ ᠶᠢ ᠬᠠᠮᠠᠭᠠᠯᠠᠬᠤ ᠂ ᠬᠤᠳᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠮᠥᠷᠳᠡᠨ ᠬᠠᠮᠢᠶᠠᠷᠬᠤ ᠰᠢᠰᠲ᠋ᠧᠮ ᠤᠨ | ᠡᠷᠭᠢᠯᠳᠡ ᠶᠢᠨ ᠡᠳᠦᠷ ᠲᠤᠳᠤᠮ ᠤᠨ ᠠᠵᠢᠯ ᠤᠨ ᠬᠢᠨᠠᠯᠲᠠ ᠬᠠᠮᠢᠶᠠᠷᠤᠯᠲᠠ ᠳᠤ ᠪᠠᠨ ᠤᠷᠤᠭᠤᠯᠵᠤ᠂ ᠮᠢᠬᠠᠨ ᠤ ᠵᠦᠢᠯ | ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠡᠯᠧᠺᠲᠷᠥᠨᠵᠢᠭᠦᠯᠦᠭᠰᠡᠨ | ᠬᠠᠮᠢᠶᠠᠷᠤᠯᠲᠠ ᠶᠢ ᠴᠢᠩᠭᠠᠳᠭᠠᠬᠤ ᠶᠢᠨ ᠬᠠᠮᠳᠤ᠂ ᠮᠢᠬᠠᠨ ᠤ ᠵᠦᠢᠯ ᠢᠳᠡᠰᠢᠨ ᠨᠣᠭᠤᠭ᠎ᠠ ᠶᠢᠨ | ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ ᠵᠢᠴᠢ ᠪᠦᠷᠢᠯᠳᠦᠭᠦᠯᠦᠭᠰᠡᠨ ᠬᠠᠮᠢᠶᠠᠷᠤᠯᠲᠠ ᠶᠢᠨ ᠳᠦᠷᠢᠮ ᠢ | ᠲᠤᠭᠳᠠᠭᠠᠬᠤ ᠬᠡᠷᠡᠭᠳᠡᠢ ᠃ | ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ | ᠳᠡᠯᠭᠡᠭᠦᠷ ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ ᠭᠠᠳᠠᠷ ᠮᠤᠵᠢ ᠤᠷᠤᠨ ᠤ ᠮᠢᠬᠠᠨ ᠤ | ᠵᠦᠢᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠲᠠᠯᠪᠢᠨ ᠪᠠᠶᠢᠴᠠᠭᠠᠯᠳᠠ ᠬᠢᠬᠦ ᠳᠤ ᠢᠳᠡᠪᠬᠢᠲᠡᠶ ᠬᠠᠮᠵᠢᠯᠴᠠᠵᠤ᠂ | ᠪᠤᠳᠠᠳᠤ ᠪᠠᠶᠢᠳᠠᠯ ᠢ ᠲᠤᠰᠬᠠᠨ᠂ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠵᠤ᠂ ᠬᠢᠨᠠᠯᠲᠠ ᠲᠠᠯᠪᠢᠨ ᠪᠠᠶᠢᠴᠠᠭᠠᠯᠳᠠ | ᠬᠢᠬᠦ ᠶᠢ ᠨᠥᠯᠥᠭᠡᠯᠡᠵᠦ ᠬᠠᠷᠰᠢᠯᠠᠨ ᠰᠠᠭᠠᠲᠠᠭᠠᠵᠤ ᠪᠣᠯᠬᠤ ᠦᠭᠡᠢ ᠃ | ᠮᠢᠬᠠᠨ ᠤ ᠵᠦᠢᠯ ᠤᠨ ᠢᠳᠡᠰᠢᠨ ᠨᠣᠭᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠡ᠊ᠨᠳᠡᠯ ᠭᠠᠷᠬᠤ ᠦᠶ᠎ᠡ ᠳᠤ᠂ | ᠴᠢᠭ᠋ ᠲᠣᠭᠲᠠᠭᠠᠭᠰᠠᠨ ᠠᠯᠠᠵᠤ ᠨᠢᠲᠤᠯᠬᠤ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ᠂ ᠵᠠᠬ᠎ᠠ | ᠳᠡᠯᠭᠡᠭᠦᠷ ᠳᠠᠬᠢ ᠡᠵᠡᠩᠨᠡᠭᠴᠢ᠂ ᠪᠦᠭᠡᠮᠯᠡᠨ ᠬᠡᠷᠡᠭᠯᠡᠬᠦ ᠨᠢᠭᠡᠴᠡ ᠪᠣᠯᠤᠨ ᠭᠠᠳᠠᠷ ᠬᠤᠳᠠ ᠶᠢᠨ ᠮᠢᠬᠠᠨ ᠤ ᠵᠦᠢᠯ ᠤᠨ | ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠨᠢ ᠡᠷᠬᠡᠪᠡᠰᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠢᠳᠡᠰᠢᠨ ᠨᠣᠭᠤᠭ᠎ᠠ ᠮᠢᠬᠠᠨ ᠤ ᠵᠦᠢᠯ ᠤᠨ | ᠮᠡᠳᠡᠭᠡ ᠵᠠᠩᠭᠢ ᠶᠢ ᠮᠦᠷᠳᠡᠵᠤ ᠬᠤᠯᠪᠣᠭᠳᠠᠯ ᠪᠦᠬᠦᠢ ᠮᠠᠲ᠋ᠧᠷᠢᠶᠠᠯ ᠢ ᠰᠠᠨᠠᠭᠠᠴᠢᠯᠠᠭ᠎ᠠ ᠪᠠᠷ ᠢᠶᠠᠨ ᠪᠤᠳᠠᠳᠠᠢ ᠪᠠᠷ | ᠬᠠᠩᠭᠠᠬᠤ ᠬᠡᠷᠡᠭᠲᠡᠶ᠃ | ᠳᠥᠷᠪᠡᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠬᠤᠷᠢᠨ ᠵᠢᠷᠭᠤᠳᠤᠭᠠᠷ ᠵᠦᠢᠯ ᠲᠤᠰ ᠠᠷᠭ᠎ᠠ ᠵᠢᠨᠲ᠋ᠣᠭᠲᠠᠭᠠᠯ ᠤᠨ ᠳᠣᠣᠷ᠎ᠠ ᠵᠢᠭᠰᠠᠭᠠᠭᠰᠠᠨ | ᠪᠠᠶᠢᠳᠠᠯ ᠤᠳ ᠤᠨ ᠨᠢᠭᠡ ᠠᠴᠠ ᠨᠢ ᠵᠦᠷᠢᠴᠡᠭᠰᠡᠨ ᠪᠠᠶᠢᠪᠠᠯ᠂ ᠲᠠᠷᠢᠶᠠᠯᠠᠩ ᠮᠠᠯ ᠠᠵᠤ ᠠᠬᠤᠶ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ᠂ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠲᠤᠰ ᠠᠷᠭ᠎ᠠ ᠶᠢᠨ ᠡᠭᠦᠷᠭᠡ ᠲᠤᠰᠢᠶᠠᠯ ᠤᠨ ᠠᠵᠢᠯ ᠤᠨ ᠬᠤᠪᠢᠶᠠᠷᠢᠯᠠᠯᠲᠠ ᠶᠢ ᠦᠨᠳᠤᠰᠤᠯᠡᠨ ᠳᠣᠣᠷ᠎ᠠ | ᠵᠢᠭᠰᠠᠭᠠᠭᠰᠠᠨ ᠲᠣᠭᠲᠠᠭᠠᠯ ᠶᠣᠰᠣᠭᠠᠷ ᠰᠢᠢᠳᠭᠡᠨ᠎ᠡ᠄ | ︵ᠨᠢᠭᠡ︶ ᠲᠤᠰ ᠠᠷᠭ᠎ᠠ ᠶᠢᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠡᠯᠧᠺᠲᠷᠣᠨ | ᠳᠠᠩᠰᠠ ᠡᠪᠬᠢᠮᠡᠯ ᠢ ᠲᠣᠭᠲᠠᠭᠠᠯ ᠶᠣᠰᠣᠭᠠᠷ ᠪᠠᠶᠢᠭᠤᠯᠤᠭᠰᠠᠨᠦᠭᠡᠢ ᠪᠤᠯ᠂ ᠬᠤᠭᠤᠴᠠᠭ᠎ᠠ ᠲᠣᠭᠲᠠᠭᠠᠨ ᠵᠠᠷᠯᠢᠭᠳᠠᠵᠤ | ᠪᠠᠶᠢᠭᠠᠳ ᠵᠠᠯᠠᠷᠠᠭᠤᠯᠬᠤ ᠬᠡᠷᠡᠭᠳᠡᠢ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ 500 | ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠲᠤᠷᠤᠭᠰᠢ ᠲᠤᠷᠭᠤᠭᠠᠬᠤ ᠪᠠᠷ ᠰᠢᠢᠳᠭᠡᠨ᠎ᠡ︔ | ︵ᠬᠤᠶᠠᠷ︶ ᠲᠤᠰ ᠠᠷᠭ᠎ᠠ ᠶᠢᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠮᠢᠬᠠᠨ ᠤ | ᠵᠦᠢᠯ ᠢᠳᠡᠰᠢᠨ ᠨᠣᠭᠤᠭ᠎ᠠ ᠡᠵᠡᠩᠨᠡᠬᠦ ᠲᠡᠮᠳᠡᠭᠯᠡᠯ᠂ ᠦᠢᠯᠡᠳᠪᠦᠷᠢ ᠠᠴᠠ ᠭᠠᠷᠬᠤ ᠰᠢᠯᠭᠠᠨ ᠪᠠᠶᠢᠴᠠᠭᠠᠬᠤ ᠲᠡᠮᠳᠡᠭᠯᠡᠯ᠂ | ᠪᠠᠷᠠᠭ᠎ᠠ ᠤᠷᠤᠭᠤᠯᠤᠭᠰᠠᠨ ᠪᠠᠶᠢᠴᠠᠭᠠᠨ ᠰᠢᠯᠭᠠᠯᠲᠠ ᠶᠢᠨ ᠲᠡᠮᠳᠡᠭᠯᠡᠯ᠂ ᠬᠢᠵᠢᠭ ᠰᠢᠯᠭᠠᠨ ᠪᠠᠶᠢᠴᠠᠭᠠᠬᠤ ᠲᠡᠮᠳᠡᠭᠯᠡᠯ᠂ | ᠠᠷᠠᠯᠵᠢᠶᠠᠨ ᠤ ᠡᠭᠡ ᠲᠠᠩᠰᠠ ᠶᠢᠨ ᠲᠦᠷᠢᠮ ᠪᠠᠶᠢᠭᠤᠯᠤᠭᠰᠠᠨ ᠦᠭᠡᠢ ᠪᠤᠶᠤ ᠲᠡᠭᠡᠷᠡᠬᠢ ᠰᠤᠷᠠᠭ ᠵᠠᠩᠭᠢ ᠶᠢ | ᠲᠤᠭᠳᠠᠭᠠᠯ ᠶᠤᠰᠤᠭᠠᠷ ᠮᠦᠷᠳᠡᠨ ᠪᠠᠶᠢᠴᠠᠭᠠᠬᠤ ᠰᠢᠰᠲ᠋ᠧᠮ ᠳᠤ ᠲᠡᠮᠳᠡᠭᠯᠡᠭᠰᠡᠨ ᠦᠭᠡᠢ ᠪᠤᠯ᠂ ᠬᠤᠭᠤᠴᠠᠭ᠎ᠠ | ᠲᠣᠭᠲᠠᠭᠠᠨ ᠵᠠᠷᠯᠢᠭᠳᠡᠵᠤ ᠪᠠᠶᠢᠭᠠᠳ ᠵᠠᠯᠠᠷᠠᠭᠤᠯᠬᠤ ᠬᠡᠷᠡᠭᠳᠡᠢ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ | ᠦᠭᠡᠢ ᠪᠠᠶᠢᠪᠠᠯ᠂ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠲᠤᠷᠤᠭᠰᠢ ᠲᠤᠷᠭᠤᠭᠠᠬᠤ ᠪᠠᠷ | ᠰᠢᠢᠳᠭᠡᠨ᠎ᠡ ᠃ | ︵ᠭᠤᠷᠪᠠ︶ ᠲᠤᠰ ᠠᠷᠭ᠎ᠠ ᠶᠢᠨ ᠬᠤᠷᠢᠨ ᠭᠤᠷᠪᠠᠳᠤᠭᠠᠷ ᠵᠦᠢᠯ ᠤᠨ ︵ᠨᠢᠭᠡ︶ ᠳ᠋ᠤᠭᠡᠷ ᠵᠤᠷᠪᠤᠰ ᠤᠨ | ᠲᠤᠭᠳᠠᠭᠠᠭᠰᠠᠨ ᠭᠠᠵᠢᠭᠤ ᠰᠠᠨᠠᠭ᠎ᠠ ᠪᠠᠷ ᠮᠥᠷᠳᠡᠨ ᠬᠠᠮᠢᠶᠠᠷᠬᠤ ᠰᠢᠰᠲ᠋ᠧᠮ ᠤᠨ ᠪᠡᠯᠡᠳᠭᠡᠮᠵᠢ ᠲᠥᠬᠦᠭᠡᠷᠦᠮᠵᠢ ᠶᠢ | ᠡᠪᠳᠡᠵᠦ ᠰᠦᠢᠳᠭᠡᠭᠰᠡᠨ ᠪᠠᠶᠢᠪᠠᠯ ᠂ ᠲᠡᠭᠦᠨ ᠢ ᠵᠠᠷᠯᠢᠭᠳᠡᠵᠤ ᠪᠠᠶᠢᠭᠠᠳ ᠤᠤᠯ ᠪᠠᠶᠢᠳᠠᠯ ᠢ ᠨᠢ ᠰᠡᠷᠭᠦᠭᠡᠵᠤ ᠦᠭᠬᠦ | ᠬᠡᠷᠡᠭᠳᠡᠢ᠂ ᠤᠤᠯ ᠪᠠᠶᠢᠳᠠᠯ ᠢ ᠰᠡᠷᠭᠦᠭᠡᠵᠦ ᠳᠡᠶᠢᠯᠬᠦ ᠤᠢᠭᠡᠢ ᠪᠣᠯ᠂ ᠡᠪᠳᠡᠷᠡᠵᠦ ᠰᠦᠢᠳᠦᠭᠰᠡᠨ ᠪᠡᠯᠡᠳᠭᠡᠮᠵᠢ | ᠲᠥᠬᠦᠭᠡᠷᠦᠮᠵᠢ ᠶᠢᠨ ᠵᠠᠬ᠎ᠠ ᠳᠡᠯᠭᠡᠭᠦᠷ ᠤᠨ ᠦᠨ᠎ᠡ ᠪᠠᠷ ᠲᠦᠯᠦᠪᠦᠷᠢ ᠠᠪᠬᠤ ᠶᠢᠨ ᠬᠠᠮᠳᠤ᠂ 500 ᠲᠥᠭᠦᠷᠢᠭ | ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠲᠤᠰ ᠵᠦᠢᠯ ᠤᠨ ︵ᠬᠤᠶᠠᠷ︶᠂ ︵ᠭᠤᠷᠪᠠ︶ ᠳ᠋ᠤᠭᠠᠷ ᠵᠤᠷᠪᠤᠰ ᠤᠨ | ᠲᠣᠭᠲᠠᠭᠠᠯ ᠶᠣᠰᠣᠭᠠᠷ᠂ ᠦᠭᠡᠷᠡᠳᠡᠭᠦᠯᠬᠦ ᠪᠠ ᠦᠯᠦ ᠮᠡᠳᠡᠭᠦᠯᠬᠦ᠂ ᠨᠢᠭᠤᠵᠤ ᠮᠡᠳᠡᠭᠦᠯᠬᠦ᠂ ᠬᠤᠳᠠᠯ ᠢᠶᠠᠷ ᠮᠡᠳᠡᠭᠦᠯᠬᠦ | ᠂ ᠬᠤᠴᠤᠷᠠᠵᠤ ᠮᠡᠳᠡᠭᠦᠯᠬᠦ᠂ ᠭᠡᠭᠡᠭᠳᠡᠭᠦᠯᠦᠨ ᠮᠡᠳᠡᠭᠦᠯᠬᠦ᠂ ᠪᠤᠷᠤᠭᠤ ᠮᠡᠳᠡᠭᠦᠯᠦᠭᠰᠡᠳ ᠢ ᠬᠤᠭᠤᠴᠠᠭ᠎ᠠ ᠲᠣᠭᠲᠠᠭᠠᠨ | ᠵᠠᠷᠯᠢᠭᠳᠠᠨ ᠵᠠᠯᠠᠷᠠᠭᠤᠯᠤᠭᠤᠯᠵᠤ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 1000 | ᠲᠥᠭᠦᠷᠢᠭ ᠢᠶᠠᠷ ᠲᠤᠷᠭᠤᠭᠠᠬᠤ ᠪᠠᠷ ᠰᠢᠳᠬᠡᠨ᠎ᠡ᠃ | ᠬᠤᠷᠢᠨ ᠳᠣᠯᠣᠳᠤᠭᠠᠷ ᠵᠦᠢᠯ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠳ ᠲᠤᠰ | ᠠᠷᠭ᠎ᠠ ᠶᠢᠨ ᠲᠣᠭᠲᠠᠭᠠᠯ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠠᠴᠠ ᠵᠦᠷᠢᠴᠡᠭᠰᠡᠨ ᠪᠠᠶᠢᠪᠠᠯ ᠲᠡᠭᠦᠨ ᠤ | ᠬᠠᠮᠢᠶᠠᠷᠬᠤ ᠭᠤᠤᠯ ᠬᠠᠷᠢᠭᠤᠴᠠᠯᠭᠠᠳᠠᠨ ᠪᠣᠯᠤᠨ ᠪᠤᠰᠤᠳ ᠰᠢᠭᠤᠳ ᠬᠠᠷᠢᠭᠤᠴᠠᠯᠭᠠᠳᠠᠨ ᠳᠤ ᠬᠠᠤᠯᠢ ᠶᠣᠰᠣᠭᠠᠷ | ᠵᠠᠰᠠᠭ ᠵᠠᠬᠢᠷᠭᠠᠨ ᠤ ᠰᠢᠳᠬᠡᠯ ᠥᠭᠭᠦᠨ᠎ᠡ᠄ | ︵ᠨᠢᠭᠡ︶ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠤᠨ | ᠡᠷᠭᠢᠯᠳᠡ ᠶᠢ ᠡᠳᠦᠷ ᠲᠤᠳᠤᠮ ᠤᠨ ᠬᠢᠨᠠᠨ ᠬᠠᠮᠢᠶᠠᠷᠬᠤ ᠠᠵᠢᠯ ᠳᠠᠭᠠᠨ ᠤᠷᠤᠭᠤᠯᠤᠭᠰᠠᠨ ᠦᠭᠡᠢ︔ | ︵ᠬᠤᠶᠠᠷ︶ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠂ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠳᠪᠦᠷᠢᠯᠡᠭᠰᠨ ᠤᠢᠭᠡᠢ | ᠪᠤᠶᠤ ᠪᠠᠶᠢᠴᠠᠭᠠᠵᠤ ᠰᠢᠳᠪᠦᠷᠢᠯᠡᠭᠰᠡᠨ ᠬᠡᠮᠵᠢᠶ᠎ᠡ ᠨᠢ ᠪᠠᠷᠢᠮᠵᠢᠶ᠎ᠠ ᠳᠤ ᠭᠦᠷᠦᠭᠰᠡᠨ ᠦᠭᠡᠢ︔ | ︵ᠭᠤᠷᠪᠠ︶ ᠲᠤᠰᠢᠶᠠᠯ ᠢᠶᠠᠨ ᠠᠰᠢᠭᠯᠠᠨ ᠠᠰᠢᠭ ᠲᠤᠰᠠ ᠣᠯᠤᠭᠰᠠᠨ ᠵᠡᠷᠭᠡ ᠃ | ᠲᠠᠪᠤᠳᠤᠭᠠᠷ ᠪᠦᠯᠦᠭ ᠲᠠᠭᠠᠯᠳᠤᠭᠤᠯᠤᠯ | ᠬᠤᠷᠢᠨ ᠨᠠᠢᠮᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠮᠢᠬᠠᠨ ᠤ ᠵᠦᠢᠯ ᠢᠳᠡᠰᠢᠨ | ᠨᠣᠭᠤᠭ᠎ᠠ ᠶᠢᠨ ᠭᠦᠢᠯᠭᠡᠭᠡ ᠶᠢ ᠮᠦᠷᠳᠡᠬᠦ ᠬᠠᠮᠢᠶᠠᠷᠤᠯᠳᠠ ᠭᠡᠳᠡᠭ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ | ᠭᠦᠢᠯᠭᠡᠭᠡ ᠶᠢ ᠮᠥᠷᠳᠡᠨ ᠬᠠᠮᠢᠶᠠᠷᠬᠤ ᠰᠢᠰᠲ᠋ᠧᠮ ᠪᠠᠶᠢᠭᠤᠯᠬᠤ ᠪᠠᠷ ᠭᠤᠣᠯ ᠪᠤᠯᠭᠠᠭᠰᠠᠨ᠂ ᠮᠡᠳᠡᠭᠡ ᠵᠠᠩᠭᠢ ᠶᠢᠨ | ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠠᠷᠠᠯᠵᠢᠶᠠᠯᠠᠬᠤ ᠶᠠᠪᠤᠴᠠ ᠳᠠᠬᠢ ᠭᠡᠷᠡᠴᠢ ᠪᠣᠯᠤᠨ ᠪᠠᠷᠢᠮᠲᠠ | ᠠᠪᠬᠤ᠂ ᠬᠠᠩᠭᠠᠨ ᠪᠣᠷᠣᠯᠠᠭᠤᠯᠬᠤ ᠡᠭᠡ ᠲᠠᠩᠰᠠ ᠶᠢᠨ ᠡᠯᠧᠺᠲ᠋ᠦᠵᠢᠭᠦᠯᠬᠦ ᠶᠢ ᠪᠡᠶᠡᠯᠡᠭᠦᠯᠵᠦ᠂ ᠢᠷᠡᠯᠲᠡ ᠶᠢ ᠨᠢ | ᠨᠡᠬᠡᠮᠵᠢᠯᠡᠨ ᠮᠥᠷᠳᠡᠵᠦ ᠤᠯᠬᠤ᠂ ᠪᠤᠷᠤᠯᠠᠭᠤᠯᠤᠭᠰᠠᠨ ᠭᠠᠵᠠᠷ ᠢ ᠨᠢ ᠪᠠᠶᠢᠴᠠᠭᠠᠨ ᠲᠤᠳᠤᠯᠠᠵᠤ ᠪᠤᠯᠬᠤ᠂ | ᠬᠠᠷᠢᠭᠤᠴᠠᠯᠭ᠎ᠠ ᠶᠢ ᠨᠢ ᠨᠡᠬᠡᠮᠵᠢᠯᠡᠵᠦ ᠤᠯᠬᠤ ᠮᠦᠷᠳᠡᠨ ᠨᠡᠬᠡᠮᠵᠢᠯᠡᠬᠦ ᠲᠣᠭᠲᠠᠴᠠ ᠶᠢ ᠵᠢᠭᠠᠵᠤ ᠪᠠᠶᠢᠨ᠎ᠠ᠃ | ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ︵ᠥᠪᠡᠷᠲᠡᠭᠡᠨ ᠡᠵᠡᠩᠨᠡᠬᠦ ᠪᠠ ᠲᠦᠷᠢᠶᠡᠰᠦᠯᠡᠬᠦ ᠪᠠᠭᠲᠠᠨ᠎ᠠ︶ ᠭᠡᠳᠡᠭ ᠨᠢ | ᠮᠢᠬᠠᠨ ᠤ ᠵᠦᠢᠯ ᠢᠳᠡᠰᠢᠨ ᠨᠣᠭᠤᠭ᠎ᠠ ᠶᠢᠨ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠪᠠ | ᠦᠢᠯᠡᠳᠪᠦᠷᠢᠯᠡᠬᠦ ᠪᠠ ᠪᠣᠷᠣᠯᠠᠭᠤᠯᠬᠤ ᠶᠢ ᠤᠶᠠᠯᠳᠠᠭᠤᠯᠤᠨ ᠡᠵᠡᠩᠨᠡᠬᠦ ᠵᠡᠷᠭᠡ ᠡᠵᠡᠩᠨᠡᠯᠲᠡ ᠶᠢᠨ ᠠᠵᠤ ᠠᠬᠤᠶᠢᠯᠠᠯ ᠶᠢ | ᠵᠢᠭᠠᠵᠤ ᠪᠠᠶᠢᠨ᠎ᠠ᠃ | ᠵᠠᠬ᠎ᠠ ᠳᠡᠯᠭᠡᠭᠦᠷ ᠳᠠᠬᠢ ᠡᠵᠡᠩᠨᠡᠭᠴᠢ ᠭᠡᠳᠡᠭ ᠪᠣᠯ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠨ | ᠬᠠᠮᠢᠶᠠᠷᠬᠤ ᠰᠢᠰᠲ᠋ᠧᠮ ᠲᠤᠳᠤᠷᠠᠬᠢ ᠡᠵᠡᠩᠨᠡᠯᠲᠡ ᠶᠢᠨ ᠠᠵᠤ ᠠᠬᠤᠶᠢᠯᠠᠯ ︵ᠲᠣᠬᠢᠷᠠᠭᠤᠯᠤᠨ ᠬᠦᠷᠭᠡᠬᠦ ᠪᠠᠭᠲᠠᠨ᠎ᠠ︶ | ᠪᠠ ᠬᠤᠪᠢ ᠶᠢᠨ ᠡᠵᠡᠩᠨᠡᠭᠴᠢ ᠶᠢ ᠵᠢᠭᠠᠨ᠎ᠠ ᠃ | ᠪᠦᠭᠡᠮᠯᠡᠨ ᠬᠡᠷᠡᠭᠯᠡᠬᠦ ᠨᠢᠭᠡᠴᠡ ᠭᠡᠳᠡᠭ ᠪᠣᠯ ᠲᠤᠮᠤ ᠳᠤᠮᠳᠠ ᠵᠢᠵᠢᠭ ᠬᠡᠯᠪᠡᠷᠢ ᠶᠢᠨ ᠢᠳᠡᠭᠡᠨ ᠤᠮᠳᠠᠭᠠᠨ ᠤ | ᠦᠢᠯᠡᠴᠢᠯᠡᠭᠡᠨ ᠤ ᠨᠢᠭᠡᠴᠡ᠂ ᠲᠥᠪ ᠲᠣᠭᠤᠭᠠᠨ ᠭᠡᠷ᠂ ᠪᠠᠶᠢᠭᠤᠯᠭ᠎ᠠ ᠨᠢᠭᠡᠴᠡ᠂ ᠰᠤᠷᠭᠠᠭᠤᠯᠢ ︵ᠬᠡᠦᠬᠡᠳ ᠤᠨ | ᠴᠡᠴᠡᠷᠯᠢᠭ ᠪᠠᠭᠳᠠᠨ᠎ᠠ︶᠂ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠵᠢᠴᠢ ᠨᠡᠶᠢᠲᠡ ᠪᠠᠷ ᠬᠤᠭᠤᠯᠠ ᠶᠢ | ᠲᠣᠬᠢᠷᠠᠭᠤᠯᠤᠨ ᠬᠦᠷᠭᠡᠬᠦ ᠨᠢᠭᠡᠴᠡᠵᠡᠷᠭᠡ ᠪᠠᠭᠲᠠᠨ᠎ᠠ᠃ | ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠺᠠᠷᠲ ︵ᠶᠡᠷᠦ ᠳᠡᠭᠡᠨ IC ᠺᠠᠷᠲ | ᠪᠤᠶᠤ CPU ᠺᠠᠷᠲ ᠭᠡᠨ᠎ᠡ᠂ ᠪᠦᠬᠦ ᠤᠯᠤᠰ ᠤᠨ ᠨᠢᠭᠡᠳᠦᠯᠲᠡᠶ ᠢᠯᠡᠳᠭᠡᠯ ᠳᠡᠮᠳᠡᠭ ᠂ ᠨᠢᠭᠡᠳᠦᠯᠲᠡᠶ ᠶᠠᠩᠵᠤ | ᠬᠡᠯᠪᠡᠷᠢ ᠲᠠᠢ︶ ᠭᠡᠳᠡᠭ ᠨᠢ ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡᠨ ᠤ ᠡᠵᠡᠩᠨᠡᠭᠴᠢ ᠡᠵᠡᠮᠰᠢᠵᠦ | ᠪᠠᠶᠢᠭ᠎ᠠ ᠪᠡᠶ᠎ᠡ ᠶᠢᠨ ᠭᠡᠷᠡᠴᠢ ᠪᠠᠷᠢᠮᠲᠠ ᠪᠣᠯᠤᠨ ᠲᠡᠮᠳᠡᠭᠯᠡᠯ᠂ ᠠᠷᠠᠯᠵᠢᠶᠠᠨ ᠤ ᠶᠠᠪᠤᠴᠠ ᠳᠠᠬᠢ ᠰᠤᠷᠠᠭ ᠵᠠᠩᠭᠢ ᠶᠢᠨ | ᠵᠠᠭᠤᠯᠴᠢᠯᠠᠭᠤᠷ ᠢ ᠬᠡᠯᠡᠨ᠎ᠡ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠮᠡᠳᠡᠭᠡ ᠵᠠᠩᠭᠢ ᠲᠡᠮᠳᠡᠭᠯᠡᠬᠦ ᠲᠤᠭᠳᠠᠭᠰᠠᠨ | ᠬᠡᠯᠪᠡᠷᠢ ᠪᠠ ᠨᠢᠭᠤᠴᠠᠯᠠᠬᠤ ᠲᠣᠭᠲᠠᠭᠠᠯ ᠶᠣᠰᠣᠭᠠᠷ᠂ ᠣᠷᠣᠨ ᠨᠤᠲᠤᠭ ᠤᠨ ᠬᠤᠳᠠᠯᠳᠤᠭᠠᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠦᠢᠯᠡᠳᠬᠦ ᠶᠢᠨ ᠬᠠᠮᠳᠤ ᠮᠢᠬᠠᠨ ᠤ ᠵᠦᠢᠯ | ᠢᠳᠡᠰᠢᠨ ᠨᠣᠭᠤᠭ᠎ᠠ ᠡᠵᠡᠩᠨᠡᠭᠴᠢ ᠳᠤ ᠨᠢᠭᠡᠳᠦᠯᠳᠡᠢ ᠣᠯᠭᠤᠨ᠎ᠠ᠃ | ᠬᠤᠷᠢ ᠶᠢᠰᠦᠳᠦᠭᠡᠷ ᠵᠦᠢᠯ ᠲᠤᠰ ᠠᠷᠭ᠎ᠠ ᠶᠢ 2014 ᠤᠨ ᠤ 12 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ |