2018 ᠤᠨ ᠤ ᠲᠠᠯ᠎ᠠ ᠨᠤᠲᠤᠬ ᠤᠨ ︽ᠨᠤᠮ ᠤᠨ ᠴᠠᠭᠠᠨ ᠪᠤᠶᠠᠨᠳᠤ ᠥᠪᠥᠷ ᠮᠤᠩᠭᠤᠯ᠂ ᠳᠤᠮᠳᠠᠳᠤ ᠶᠢᠨ ᠬᠥᠰᠡᠯ ᠵᠡᠭᠦᠳᠥ ᠪᠠᠨ ᠬᠠᠮᠳᠤᠪᠡᠷ ᠳᠡᠷᠭᠡᠯᠰᠢᠭᠦᠯᠬᠦ︾ ᠤᠩᠰᠢᠯᠭ᠎ᠠ ᠶᠢᠨ ᠤᠯᠠᠷᠢᠯ ᠤᠨ ᠠᠵᠢᠯᠯᠠᠭᠠᠨ ᠡᠬᠢᠯᠡᠪᠡ
ᠨᠡᠶᠢᠲᠡᠯᠡᠭᠰᠡᠨ ᠴᠠᠭ᠄
2018-05-03
ᠵᠣᠬᠢᠶᠠᠭᠴᠢ᠄ ᠪᠣᠣ ᠴᠢᠩ ᠱᠧᠩ      ᠲᠦᠡᠭᠯᠢᠶᠤᠤ ᠶᠢᠨ ᠮᠡᠳᠡᠭᠡ 4 ᠰᠠᠷ᠎ᠠ ᠶᠢᠨ 23 ᠤ ᠡᠳᠥᠷ᠂ ᠥᠪᠡᠷᠳᠡᠭᠡᠨ ᠵᠠᠰᠠᠬᠤ ᠤᠷᠤᠨ ᠤ ᠤᠬᠠᠭᠤᠯᠬᠤ ᠬᠡᠯᠳᠡᠰ᠂ ᠥᠪᠡᠷᠳᠡᠭᠡᠨ ᠵᠠᠰᠠᠬᠤ ᠤᠷᠤᠨ ᠤ ᠰᠤᠨᠢᠨ ᠮᠡᠳᠡᠭᠡ ᠬᠡᠪᠯᠡᠯ ᠷᠠᠳᠢᠣ᠋ ᠲᠧᠯᠸᠢᠰ ᠲᠤᠪᠴᠢᠶ᠎ᠠ᠂ ᠲᠥᠩᠯᠢᠶᠤᠤ ᠬᠤᠲᠠ ᠶᠢᠨ ᠨᠠᠮ ᠤᠨ ᠬᠤᠷᠢᠶ᠎ᠠ᠂ ᠵᠠᠰᠠᠬ ᠤᠨ ᠤᠷᠳᠤᠨ ᠭᠤᠤᠯᠯᠠᠨ ᠡᠷᠬᠢᠯᠡᠭᠰᠡᠨ ︽ᠨᠤᠮ ᠤᠨ ᠴᠠᠭᠠᠨ ᠪᠤᠶᠠᠨᠳᠤ ᠥᠪᠥᠷ ᠮᠤᠩᠭᠤᠯ᠂ ᠳᠤᠮᠳᠠᠳᠤ ᠶᠢᠨ ᠬᠥᠰᠡᠯ ᠵᠡᠭᠦᠳᠥ ᠪᠠᠨ ᠬᠠᠮᠳᠤᠪᠡᠷ ᠳᠡᠷᠭᠡᠯᠰᠢᠭᠦᠯᠬᠦ︾ 2018 ᠤᠨ ᠤ ᠲᠠᠯ᠎ᠠ ᠨᠤᠲᠤᠬ ᠤᠨ ᠤᠩᠰᠢᠯᠭ᠎ᠠ ᠶᠢᠨ ᠤᠯᠠᠷᠢᠯ ᠤᠨ ᠠᠵᠢᠯᠯᠠᠭ᠎ᠠ — ᠤᠪᠤᠭᠠᠨ ᠳᠡᠭᠡᠷᠡᠬᠢ ᠠᠭᠤᠯᠵᠠᠯᠲᠠ ᠶᠢᠨ ᠭᠠᠵᠠᠷ ᠲᠠᠬᠢ ᠡᠬᠢᠯᠡᠯᠲᠠ ᠶᠢᠨ ᠶᠤᠰᠤᠯᠠᠯ ᠲᠥᠩᠯᠢᠶᠤᠤ ᠬᠤᠲᠠ ᠶᠢᠨ ᠰᠤᠶᠤᠯ ᠪᠡᠶ᠎ᠡ ᠶᠢᠨ ᠲᠠᠮᠢᠷ ᠤᠨ ᠠᠭᠤᠳᠠᠮ ᠲᠠᠯᠠᠪᠠᠢ ᠳᠤ ᠶᠠᠪᠤᠬᠳᠠᠪᠠ᠃ ︽ᠨᠤᠮ ᠤᠨ ᠴᠠᠭᠠᠨ ᠪᠤᠶᠠᠨᠳᠤ ᠥᠪᠥᠷ ᠮᠤᠩᠭᠤᠯ᠂ ᠳᠤᠮᠳᠠᠳᠤ ᠶᠢᠨ ᠬᠥᠰᠡᠯ ᠵᠡᠭᠦᠳᠥ ᠪᠠᠨ ᠬᠠᠮᠳᠤᠪᠡᠷ ᠳᠡᠷᠭᠡᠯᠰᠢᠭᠦᠯᠬᠦ︾ 2018 ᠤᠨ ᠤ ᠲᠠᠯ᠎ᠠ ᠨᠤᠲᠤᠬ ᠤᠨ ᠤᠩᠰᠢᠯᠭ᠎ᠠ ᠶᠢᠨ ᠤᠯᠠᠷᠢᠯ ᠤᠨ ᠠᠵᠢᠯᠯᠠᠭ᠎ᠠ ᠨᠢ ︽ᠨᠢᠭᠡ ᠭᠤᠤᠯ ᠰᠡᠳᠥᠪ᠂ ᠭᠤᠷᠪᠠᠨ ᠭᠤᠤᠯᠳᠠᠯᠭ᠎ᠠ᠂ ᠭᠤᠷᠪᠠᠨ ᠪᠥᠬᠦ ᠬᠥᠴᠥᠨ︾ ᠤ ᠲᠤᠭᠤᠷᠢᠨ ᠳᠤ᠂ ᠨᠢᠭᠡᠨ ᠰᠢᠷᠢᠰ ᠪᠥᠬᠦ ᠠᠷᠠᠳ ᠤᠨ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ ᠵᠤᠬᠢᠶᠠᠨ ᠪᠠᠶᠢᠭᠤᠯᠵᠤ ᠥᠷᠨᠢᠭᠦᠯᠥᠨ᠂ ᠪᠥᠬᠦ ᠤᠷᠤᠨ ᠤ ᠡᠯ᠎ᠡ ᠥᠨᠳᠥᠰᠥᠳᠠᠨ ᠤ ᠠᠷᠠᠳ ᠲᠥᠮᠡᠨ ᠢ ᠳᠠᠶᠢᠴᠢᠯᠠᠨ ᠤᠩᠰᠢᠯᠭ᠎ᠠ ᠳᠤ ᠤᠷᠤᠯᠴᠠᠭᠤᠯᠵᠤ᠂ ᠨᠤᠮ ᠤᠨ ᠴᠠᠭᠠᠨ ᠪᠤᠶᠠᠨᠳᠤ ᠥᠪᠥᠷ ᠮᠤᠩᠭᠤᠯ᠂ ᠥᠵᠡᠰᠭᠦᠯᠡᠩᠳᠥ ᠰᠠᠶᠢᠬᠠᠨ ᠥᠪᠥᠷ ᠮᠤᠩᠭᠤᠯ ᠢ ᠪᠥᠲᠥᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠬᠥᠰᠡᠯ ᠵᠡᠭᠦᠳᠤ ᠶᠢ ᠬᠠᠮᠳᠤᠪᠡᠷ ᠳᠡᠷᠭᠡᠯᠰᠢᠭᠦᠯᠬᠦ ᠳᠤ ᠰᠢᠯᠢᠳᠡᠭ ᠰᠠᠶᠢᠨ ᠨᠠᠶᠢᠭᠡᠮ ᠪᠠ ᠰᠤᠶᠤᠯ ᠤᠨ ᠠᠭᠤᠷ ᠠᠮᠢᠰᠬᠤᠯ ᠢ ᠪᠤᠢ ᠪᠤᠯᠭᠠᠬᠤ ᠪᠤᠯᠤᠨ᠎ᠠ᠃ ᠨᠢᠭᠡ ᠭᠤᠤᠯ ᠰᠡᠳᠥᠪ ᠭᠡᠳᠡᠭ ᠨᠢ ︽ᠨᠤᠮ ᠤᠨ ᠴᠠᠭᠠᠨ ᠪᠤᠶᠠᠨᠳᠤ ᠥᠪᠥᠷ ᠮᠤᠩᠭᠤᠯ᠂ ᠳᠤᠮᠳᠠᠳᠤ ᠶᠢᠨ ᠬᠥᠰᠡᠯ ᠵᠡᠭᠦᠳᠥ ᠪᠠᠨ ᠬᠠᠮᠳᠤᠪᠡᠷ ᠳᠡᠷᠭᠡᠯᠰᠢᠭᠦᠯᠬᠦ︾ ᠡᠨᠡᠬᠦ ᠭᠤᠤᠯ ᠰᠡᠳᠥᠪ ᠤᠨ ᠲᠤᠭᠤᠷᠢᠨ ᠳᠤ᠂ ᠪᠥᠬᠦ ᠠᠷᠠᠳ ᠤᠨ ᠤᠩᠰᠢᠯᠭ᠎ᠠ ᠶᠢᠨ ᠰᠢᠷᠢᠰ ᠠᠵᠢᠯᠯᠠᠭᠠᠨ ᠢ ᠥᠷᠬᠦᠯᠵᠢᠯᠠᠨ ᠥᠷᠨᠢᠭᠦᠯᠥᠨ᠎ᠡ︔ ᠭᠤᠷᠪᠠᠨ ᠭᠤᠤᠯᠳᠠᠯᠭ᠎ᠠ ᠭᠡᠳᠡᠭ ᠨᠢ ᠬᠡᠤᠬᠡᠳ ᠤᠨ ᠤᠩᠰᠢᠯᠭ᠎ᠠ᠂ ᠤᠳᠤᠷᠢᠳᠤᠯᠭ᠎ᠠ ᠶᠢᠨ ᠤᠩᠰᠢᠯᠭ᠎ᠠ ᠪᠤᠯᠤᠨ ᠶᠠᠳᠠᠭᠤ ᠬᠥᠴᠢᠷᠳᠡᠯᠲᠠᠢ ᠤᠯᠠᠨ ᠲᠥᠮᠡᠨ ᠤ ᠤᠩᠰᠢᠯᠭ᠎ᠠ ᠶᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ︔ ᠭᠤᠷᠪᠠᠨ ᠪᠥᠬᠦ ᠬᠥᠴᠥᠨ ᠢᠶᠠᠷ ᠭᠡᠳᠡᠭ ᠨᠢ ᠪᠥᠬᠦ ᠠᠷᠠᠳ ᠤᠨ ᠤᠩᠰᠢᠯᠭ᠎ᠠ ᠶᠢᠨ ᠠᠵᠢᠯ ᠤᠨ ᠰᠡᠳᠬᠢᠴᠡ ᠶᠢ ᠪᠥᠬᠦ ᠬᠥᠴᠥᠨ ᠢᠶᠠᠷ ᠰᠢᠨ᠎ᠡ ᠶᠢ ᠡᠭᠦᠳᠴᠥ᠂ ᠪᠥᠬᠦ ᠠᠷᠠᠳ ᠤᠨ ᠤᠩᠰᠢᠯᠭ᠎ᠠ ᠶᠢ ᠳᠡᠯᠭᠡᠷᠡᠭᠦᠯᠬᠦ ᠥᠢᠯᠡᠴᠢᠯᠡᠭᠡᠨ ᠤ ᠰᠢᠰᠲ᠋ᠧᠮ ᠢ ᠪᠥᠬᠦ ᠬᠥᠴᠥᠨ ᠢᠶᠠᠷ ᠪᠠᠶᠢᠭᠤᠯᠤᠨ᠂ ᠪᠥᠬᠦ ᠠᠷᠠᠳ ᠤᠨ ᠤᠩᠰᠢᠯᠭ᠎ᠠ ᠶᠢᠨ ᠠᠵᠢᠯ ᠤᠨ ᠰᠢᠨᠵᠢᠯᠡᠬᠦ ᠤᠬᠠᠭᠠᠨᠴᠢ ᠬᠥᠭᠵᠢᠯᠲᠠ ᠶᠢ ᠪᠥᠬᠦ ᠬᠥᠴᠥᠨ ᠢᠶᠠᠷ ᠠᠬᠢᠭᠤᠯᠬᠤ ᠶᠢ ᠵᠢᠭᠠᠵᠤ ᠪᠤᠢ᠃ ᠲᠤᠰ ᠠᠵᠢᠯᠯᠠᠭ᠎ᠠ ᠨᠢ ᠮᠥᠨᠬᠦ ᠪᠥᠬᠦ ᠠᠷᠠᠳ ᠤᠨ ᠤᠩᠰᠢᠯᠭ᠎ᠠ ᠶᠢᠨ ᠬᠥᠳᠡᠭᠡ ᠲᠤᠰᠬᠤᠨ ᠮᠠᠯᠵᠢᠬᠤ ᠤᠷᠤᠨ᠂ ᠨᠡᠶᠢᠭᠡᠮ ᠲᠤᠭᠤᠷᠢᠬ᠂ ᠰᠤᠷᠭᠠᠭᠤᠯᠢ ᠶᠢᠨ ᠬᠥᠷᠢᠶᠡᠯᠡᠩ᠂ ᠴᠡᠷᠢᠭ ᠤᠨ ᠬᠤᠧᠠᠷᠠᠨ᠂ ᠠᠵᠤ ᠠᠬᠤᠶᠢᠯᠠᠯ᠂ ᠪᠠᠶᠢᠭᠤᠯᠤᠯᠭ᠎ᠠ ᠪᠠ ᠭᠡᠷ ᠪᠥᠯᠢ ᠵᠡᠷᠭᠡ ︽ᠲᠤᠯᠤᠭ᠎ᠠ ᠳᠤ ᠤᠷᠤᠬᠤ︾ ᠢᠨᠵᠧᠨᠧᠷᠢᠩ ᠢ ᠥᠷᠬᠦᠯᠵᠢᠯᠠᠨ ᠠᠬᠢᠭᠤᠯᠵᠤ᠂ ᠬᠡᠤᠬᠡᠳ ᠪᠡ ᠭᠡᠷ ᠤᠨ ᠠᠬᠠᠮᠠᠳ ᠤᠨ ᠤᠩᠰᠢᠯᠭ᠎ᠠ᠂ ᠤᠳᠤᠷᠢᠳᠬᠤ ᠺᠠᠳ᠋ᠷ ᠤᠨ ᠰᠤᠷᠤᠯᠴᠠᠬᠤ ᠰᠤᠷᠳᠠᠯ ᠤᠨ ᠬᠥᠮᠥᠵᠢᠯ᠂ ᠶᠠᠳᠠᠭᠤ ᠬᠥᠴᠢᠷᠳᠡᠯᠲᠠᠢ ᠤᠯᠠᠨ ᠲᠥᠮᠠᠨ ᠳᠤ ᠤᠩᠰᠢᠯᠭ᠎ᠠ ᠶᠢᠨ ᠨᠤᠮ ᠪᠢᠴᠢᠭ ᠬᠥᠷᠭᠡᠬᠦ ᠠᠵᠢᠯᠯᠠᠭᠠᠨ ᠢ ᠭᠤᠤᠯᠳᠠᠯᠭ᠎ᠠ ᠲᠠᠢ ᠥᠷᠨᠢᠭᠦᠯᠥᠨ᠂ ᠬᠥᠳᠡᠭᠡ ᠲᠤᠰᠬᠤᠨ ᠮᠠᠯᠵᠢᠬᠤ ᠤᠷᠤᠨ ᠤ ᠬᠡᠤᠬᠡᠳ ᠲᠤ 100 ᠰᠤᠩᠭᠤᠳᠠᠬ ᠮᠤᠩᠭᠤᠯ ᠬᠡᠤᠬᠡᠳ ᠤᠨ ᠨᠤᠮ᠂ ᠬᠢᠯᠢ ᠬᠢᠵᠠᠭᠠᠷ ᠤᠷᠤᠨ ᠤ ᠬᠤᠰᠢᠭᠤ ᠰᠢᠶᠠᠨ ᠳᠤ 100 ᠰᠢᠯᠢᠳᠡᠭ ᠮᠤᠩᠭᠤᠯ ᠨᠤᠮ ᠬᠥᠷᠭᠡᠵᠤ᠂ 2018 ᠤᠨ ᠤ ᠲᠠᠯ᠎ᠠ ᠨᠤᠲᠤᠬ ᠤᠨ ᠤᠩᠰᠢᠯᠭ᠎ᠠ ᠶᠢᠨ ᠤᠯᠠᠷᠢᠯ ᠤᠨ ᠨᠡᠶᠢᠳᠡᠯᠢᠭ ᠢ ᠥᠨᠡᠯᠡᠬᠦ ᠠᠵᠢᠯ ᠢ ᠵᠤᠬᠢᠶᠠᠨ ᠪᠠᠶᠢᠭᠤᠯᠬᠤ ᠪᠤᠯᠤᠨ᠎ᠠ᠃ ᠡᠬᠢᠯᠡᠯᠲᠠ ᠶᠢᠨ ᠶᠤᠰᠤᠯᠠᠯ ᠳᠡᠭᠡᠷ᠎ᠡ᠂ ᠲᠥᠩᠯᠢᠶᠤᠤ ᠬᠤᠲᠠ ᠳᠤ ︽ᠪᠥᠬᠦ ᠠᠷᠠᠳ ᠤᠨ ᠤᠩᠰᠢᠯᠭ᠎ᠠ ᠶᠢᠨ ᠠᠶᠢᠮᠠᠬ ᠬᠤᠲᠠ ᠶᠢᠨ ᠠᠵᠢᠯᠯᠠᠭ᠎ᠠ᠂ ᠲᠥᠩᠯᠢᠶᠤᠤ ᠥᠷᠳᠡᠭᠡ︾ ᠶᠢᠨ ᠲᠤᠬ ᠢ ᠤᠯᠠᠮᠵᠢᠯᠠᠬᠤ᠂ 8 ᠢᠵᠢ ᠲᠤᠭᠠᠴᠢᠯᠠᠬᠰᠠᠨ ᠺᠢᠨᠣ᠋ ᠲᠠᠯᠪᠢᠬᠤ ᠮᠠᠰᠢᠨ ᠬᠥᠷᠭᠡᠬᠦ᠂ ᠲᠥᠩᠯᠢᠶᠤᠤ ᠬᠤᠲᠠ ᠶᠢᠨ ᠳᠤᠯᠤᠳᠤᠭᠠᠷ ᠳᠤᠮᠳᠠᠳᠤ ᠰᠤᠷᠭᠠᠭᠤᠯᠢ ᠳᠤ ᠨᠤᠮ ᠬᠥᠷᠭᠡᠬᠦ᠂ ᠲᠥᠩᠯᠢᠶᠤᠤ ᠬᠤᠲᠠ ᠶᠢᠨ ᠪᠥᠬᠦ ᠠᠷᠠᠳ ᠤᠨ ᠤᠩᠰᠢᠯᠭ᠎ᠠ ᠶᠢᠨ ᠳᠡᠷᠢᠭᠦᠨ ᠤ ᠨᠡᠶᠢᠳᠡᠯᠢᠭ ᠮᠡᠳᠡᠭᠦᠯᠥᠯᠲᠠ ᠬᠢᠬᠦ ᠵᠡᠷᠭᠡ ᠠᠵᠢᠯᠯᠠᠭᠠᠨ ᠢ ᠶᠠᠪᠤᠬᠳᠠᠭᠤᠯᠤᠬᠰᠠᠨ ᠪᠠᠶᠢᠨ᠎ᠠ᠃ ᠥᠢᠯᠠᠭᠠᠬᠰᠠᠨ ᠢᠶᠠᠷ᠂ 2015 ᠤᠨ ᠳᠤ ᠥᠪᠥᠷ ᠮᠤᠩᠭᠤᠯ ᠠᠩᠬᠠᠳᠠᠬᠴᠢ ᠲᠠᠯ᠎ᠠ ᠨᠤᠲᠤᠬ ᠤᠨ ᠤᠩᠰᠢᠯᠭ᠎ᠠ ᠶᠢᠨ ᠤᠯᠠᠷᠢᠯ ᠤᠨ ᠰᠢᠷᠢᠰ ᠠᠵᠢᠯᠯᠠᠭᠠᠨ ᠢ ᠥᠷᠨᠢᠭᠦᠯᠥᠭᠰᠡᠨ ᠠᠴᠠ ᠨᠠᠰᠢ᠂ ᠪᠥᠬᠦ ᠤᠷᠤᠨ ᠤ ᠬᠢᠨ ᠨᠢᠭᠡᠨᠳᠡ 1000 ᠵᠥᠢᠯ ᠤᠨ ᠠᠵᠢᠯᠯᠠᠭᠠᠨ ᠥᠷᠨᠢᠭᠦᠯᠵᠠᠢ᠃ ᠡᠨᠡ ᠵᠢᠯ᠂ ᠪᠥᠬᠦ ᠤᠷᠤᠨ ᠤ ᠪᠤᠰᠤᠳ ᠠᠶᠢᠮᠠᠬ ᠬᠤᠲᠠ ᠪᠠᠰᠠ ᠠᠳᠠᠯᠢ ᠬᠤᠭᠤᠴᠠᠭᠠᠨ ᠳᠤ 2018 ᠤᠨ ᠤ ᠲᠠᠯ᠎ᠠ ᠨᠤᠲᠤᠬ ᠤᠨ ᠤᠩᠰᠢᠯᠭ᠎ᠠ ᠶᠢᠨ ᠤᠯᠠᠷᠢᠯ ᠤᠨ ᠪᠥᠬᠦ ᠠᠷᠠᠳ ᠤᠨ ᠤᠩᠰᠢᠯᠭ᠎ᠠ ᠶᠢᠨ ᠰᠢᠷᠢᠰ ᠠᠵᠢᠯᠯᠠᠭᠠᠨ ᠢ ᠥᠷᠨᠢᠭᠦᠯᠵᠤ᠂ ᠪᠥᠬᠦ ᠤᠷᠤᠨ ᠤ ᠡᠯ᠎ᠡ ᠥᠨᠳᠥᠰᠥᠲᠠᠨ ᠤ ᠠᠷᠠᠳ ᠲᠥᠮᠡᠨ ᠢ ᠳᠠᠶᠢᠴᠢᠯᠠᠨ ᠤᠩᠰᠢᠯᠭ᠎ᠠ ᠶᠢᠨ ᠠᠵᠢᠯᠯᠠᠭᠠᠨ ᠳᠤ ᠤᠷᠤᠯᠴᠠᠵᠤ᠂ ᠤᠩᠰᠢᠯᠭ᠎ᠠ ᠶᠢᠨ ᠠᠮᠵᠢᠯᠲᠠ ᠪᠠᠨ ᠬᠤᠪᠢᠶᠠᠨ ᠡᠳ᠋ᠯᠡᠬᠦ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠮᠤᠩᠭᠤᠯ ᠰᠤᠨᠢᠨ ᠰᠦᠯᠵᠢᠶ᠎ᠡ ᠶᠢᠨ ᠬᠤᠯᠪᠤᠭ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号