︽ᠵᠢᠷᠭᠤᠭᠠᠨ ᠰᠠᠷ᠎ᠠ ᠶᠢᠨ ᠨᠢᠭᠡᠨ︾ ᠤ ᠬᠡᠥᠬᠡᠳ ᠤᠨ ᠪᠠᠶᠠᠷ ᠤᠨ ᠡᠳᠦᠷ ᠬᠦᠷᠴᠦ ᠢᠷᠡᠯ᠎ᠡ᠂ ᠬᠡᠥᠬᠡᠳ ᠤᠨ | ᠪᠠᠶᠠᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠲᠢᠭᠯᠢᠮ ᠢ ᠬᠠᠮᠠᠭᠠᠯᠠᠵᠣ᠂ ᠠᠮᠤᠷ | ᠲᠥᠪᠰᠢᠨ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠣᠢ ᠪᠣᠯᠭᠠᠬᠤ ᠶᠢᠨ | ᠲᠦᠯᠦᠭᠡ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠡᠥᠬᠡᠳ ᠤᠨ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠣᠯᠲᠠ ᠶᠢ ᠴᠢᠩᠭᠠᠳᠬᠠᠬᠤ ᠪᠠᠷ ᠪᠣᠢ᠃ | ᠨᠢᠭᠡ ᠳᠤ᠂ ᠣᠬᠠᠭᠤᠯᠭ᠎ᠠ ᠬᠦᠮᠦᠵᠢᠯ ᠢ ᠴᠢᠩᠭᠠᠳᠬᠠᠵᠣ᠂ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠣᠢ ᠪᠣᠯᠭᠠᠨ᠎ᠠ᠃ ᠬᠠᠣᠯᠢ ᠬᠡᠷᠡᠭᠵᠢᠭᠦᠯᠦᠭᠴᠢ ᠰᠣᠷᠭᠠᠭᠤᠯᠢ ᠶᠢᠨ ᠬᠦᠷᠢᠶᠡᠨ ᠤ ᠬᠠᠵᠠᠭᠤ ᠬᠠᠪᠢ᠂ | ᠬᠡᠥᠬᠡᠳ ᠤᠨ ᠨᠠᠭᠠᠳᠣᠮ ᠲᠣᠭᠯᠠᠭᠠᠮ ᠤᠨ ᠭᠠᠵᠠᠷ ᠲᠤ ᠭᠦᠨᠵᠡᠭᠡᠶᠢᠷᠡᠨ ᠣᠬᠠᠭᠤᠯᠭ᠎ᠠ ᠬᠢᠵᠦ᠂ ︽ᠬᠡᠷᠡᠭᠯᠡᠭᠴᠢᠳ ᠤᠨ | ᠡᠷᠬᠡ ᠠᠰᠢᠭ ᠢ ᠬᠠᠮᠠᠭᠠᠯᠠᠬᠤ ᠬᠠᠣᠯᠢ︾ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠲᠠᠷᠬᠠᠭᠠᠬᠤ ᠪᠠᠷ ᠳᠠᠮᠵᠢᠨ᠂ | ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠮᠡᠳᠡᠯᠭᠡ ᠶᠢ ᠣᠬᠠᠭᠤᠯᠣᠨ ᠲᠦᠭᠡᠮᠡᠯᠵᠢᠭᠦᠯᠵᠦ᠂ ᠠᠷᠠᠳ ᠤᠯᠠᠨ ᠤ | ᠬᠠᠣᠯᠢ ᠶᠢᠨ ᠣᠬᠠᠮᠰᠠᠷ ᠢ ᠴᠢᠩᠭᠠᠳᠬᠠᠨ᠂ ᠬᠡᠷᠡᠭᠯᠡᠭᠴᠢ ᠶᠢᠨ ᠰᠢᠨᠵᠢᠯᠡᠬᠦ ᠣᠬᠠᠭᠠᠨᠴᠢ ᠡᠷᠡᠭᠦᠯ ᠬᠡᠷᠡᠭᠯᠡᠭᠡ ᠶᠢ | ᠵᠢᠯᠣᠭᠤᠳᠣᠨ᠎ᠠ᠃ | ᠬᠤᠶᠠᠷ ᠲᠤ᠂ ᠪᠠᠶᠢᠴᠠᠭᠠᠬᠤ ᠭᠤᠣᠯᠳᠠᠯᠭ᠎ᠠ ᠪᠠᠨ ᠳᠣᠪᠣᠶᠢᠯᠭᠠᠵᠣ᠂ ᠴᠡᠭᠴᠡᠯᠡᠨ ᠵᠠᠰᠠᠬᠤ ᠪᠣᠲᠠᠲᠠᠢ ᠦᠷ᠎ᠡ | ᠪᠦᠲᠦᠮᠵᠢ ᠶᠢ ᠠᠩᠬᠠᠷᠣᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠᠲᠣ ᠡᠵᠡᠩᠨᠡᠯᠲᠡ ᠶᠢᠨ ᠬᠢᠷᠢ ᠬᠡᠮ ᠤᠨ | ᠪᠠᠶᠢᠴᠠᠭᠠᠯᠲᠠ ᠶᠢ ᠴᠢᠩᠭᠠᠳᠬᠠᠵᠣ᠂ ᠣᠳᠣᠬᠠᠨ ᠤ ᠠᠵᠢᠯ ᠪᠣᠯᠣᠨ ᠦᠨᠡᠮᠯᠡᠯ ᠦᠭᠡᠢ ᠲᠣᠰᠬᠠᠢ ᠠᠵᠢᠯ ᠤᠨ | ᠴᠡᠭᠴᠡᠯᠡᠯᠲᠡ ᠲᠠᠢ ᠣᠶᠠᠯᠳᠣᠭᠤᠯᠣᠨ᠂ ᠬᠡᠥᠬᠡᠳ ᠤᠨ ᠬᠡᠷᠡᠭᠯᠡᠭᠡᠨ ᠤ ᠵᠦᠢᠯ ᠬᠤᠳᠠᠯᠳᠣᠵᠣ ᠪᠠᠶᠢᠭ᠎ᠠ | ᠬᠤᠳᠠᠯᠳᠣᠭᠠᠴᠢᠳ ᠤᠨ ᠦᠨᠡᠮᠯᠡᠯ ᠭᠡᠷᠡᠴᠢ ᠪᠦᠷᠢᠨ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠣ᠂ ᠦᠨᠡᠮᠯᠡᠯ | ᠦᠭᠡᠢ ᠡᠵᠡᠩᠨᠡᠯᠲᠡ ᠶᠢ ᠴᠢᠩᠭ᠎ᠠ ᠰᠢᠢᠳᠬᠡᠨ᠎ᠡ︔ ᠰᠣᠷᠭᠠᠭᠤᠯᠢ ᠶᠢᠨ ᠣᠶᠢᠷ᠎ᠠ ᠬᠠᠪᠢ ᠳᠠᠬᠢ ᠬᠤᠳᠠᠯᠳᠣᠭᠠᠨ ᠤ | ᠲᠠᠯᠠᠪᠣᠷ᠂ ᠬᠡᠲᠦ ᠳᠡᠯᠭᠡᠭᠦᠷ᠂ ᠴᠤᠭᠯᠠᠭ᠎ᠠ ᠵᠠᠬ᠎ᠠ᠂ ᠪᠦᠭᠡᠮ ᠢᠶᠠᠷ ᠪᠣᠷᠣᠯᠠᠭᠤᠯᠬᠤ ᠵᠠᠬ᠎ᠠ ᠵᠢᠴᠢ ᠬᠤᠲᠠ ᠬᠥᠳᠡᠭᠡ ᠶᠢᠨ | ᠵᠠᠯᠭᠠᠯᠳᠣᠭᠰᠠᠨ ᠬᠡᠰᠡᠭ ᠤᠨ ᠡᠵᠡᠩᠨᠡᠯᠲᠡ ᠶᠢᠨ ᠲᠠᠯᠠᠪᠣᠷ ᠤᠨ ᠪᠠᠶᠢᠴᠠᠭᠠᠯᠲᠠ ᠶᠢ ᠴᠢᠩᠭᠠᠳᠬᠠᠵᠣ᠂ ᠬᠡᠥᠬᠡᠳ ᠤᠨ | ᠬᠤᠪᠴᠠᠰᠤ ᠬᠤᠨᠠᠷ᠂ ᠨᠠᠭᠠᠳᠣᠮ ᠤᠨ ᠵᠦᠢᠯᠡᠰ᠂ ᠠᠮᠣᠷ ᠲᠦᠪᠰᠢᠨ ᠤ ᠰᠠᠨᠳᠠᠯᠢ᠂ ᠰᠣᠷᠣᠭᠴᠢ ᠶᠢᠨ ᠪᠢᠴᠢᠭ ᠤᠨ | ᠬᠡᠷᠡᠭᠰᠡᠯ ᠵᠡᠷᠭᠡ ᠪᠠᠷ ᠭᠤᠣᠯᠳᠠᠯᠭ᠎ᠠ ᠪᠣᠯᠭᠠᠨ ᠪᠦᠬᠦ ᠲᠠᠯ᠎ᠠ ᠶᠢᠨ ᠪᠠᠶᠢᠴᠠᠭᠠᠯᠲᠠ ᠥᠷᠨᠢᠭᠦᠯᠦᠨ᠂ ᠡᠵᠡᠩᠨᠡᠯᠲᠡ | ᠪᠣᠷᠣᠯᠠᠭᠤᠯᠣᠯᠲᠠ ᠶᠢᠨ ᠳᠣᠮᠳᠠᠬᠢ ᠦᠢᠯᠡᠳᠪᠦᠷᠢ ᠶᠢᠨ ᠨᠡᠷ᠎ᠡ ᠦᠭᠡᠢ ᠦᠢᠯᠡᠳᠪᠦᠷᠢ ᠶᠢᠨ ᠬᠠᠶ᠋ᠢᠭ ᠦᠭᠡᠢ ︽ᠭᠤᠷᠪᠠ | ᠦᠭᠡᠢ︾ ᠪᠦᠲᠦᠭᠡᠭᠳᠡᠭᠦᠨ᠂ ᠬᠤᠳᠠᠯ ᠬᠠᠭᠤᠷᠮᠠᠭ ᠬᠡᠥᠬᠡᠳ ᠤᠨ ᠬᠡᠷᠡᠭᠯᠡᠳᠡᠭ ᠵᠦᠢᠯᠡᠰ᠂ ᠬᠤᠳᠠᠯ ᠬᠠᠭᠤᠷᠮᠠᠭ | ᠣᠬᠠᠭᠤᠯᠭ᠎ᠠ᠂ ᠵᠠᠷ ᠮᠡᠳᠡᠭᠡ ᠵᠢᠴᠢ ᠪᠣᠰᠣᠳ ᠬᠡᠥᠬᠡᠳ ᠤᠨ ᠡᠷᠬᠡ ᠠᠰᠢᠭ ᠲᠤ ᠬᠠᠯᠳᠠᠭᠰᠠᠨ ᠬᠠᠣᠯᠢ ᠠᠴᠠ | ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠭᠤᠷᠪᠠ ᠳᠤ᠂ ᠭᠤᠮᠣᠳᠠᠯ ᠲᠣᠭᠠᠴᠢᠵᠣ ᠭᠤᠶᠣᠴᠢᠯᠠᠯ ᠳᠡᠪᠰᠢᠭᠦᠯᠬᠦ ᠶᠢ ᠬᠦᠯᠢᠶᠡᠨ ᠠᠪᠴᠣ | ᠰᠢᠢᠳᠪᠦᠷᠢᠯᠡᠬᠦ ᠪᠠᠨ ᠴᠢᠩᠭᠠᠳᠬᠠᠵᠣ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯᠯᠠᠭ᠎ᠠ ᠶᠢ | ᠥᠷᠨᠢᠭᠦᠯᠦᠨ᠎ᠡ᠃12315᠂12365 ᠭᠤᠮᠣᠳᠠᠯ ᠲᠣᠭᠠᠴᠢᠵᠤ ᠢᠯᠡᠴᠢᠯᠡᠨ ᠵᠠᠭᠠᠯᠳᠣᠬᠤ ᠣᠲᠠᠰᠣ ᠶᠢᠨ ᠰᠢᠭᠤᠳ | ᠰᠢᠯᠣᠭᠤᠨ ᠨᠡᠪᠲᠡᠷᠡᠬᠦ ᠶᠢ ᠠᠩᠬᠠᠷᠴᠣ᠂ ᠢᠯᠡᠴᠢᠯᠡᠨ ᠵᠠᠭᠠᠯᠳᠣᠬᠤ ᠲᠠᠪᠴᠠᠩ ᠤᠨ ᠦᠢᠯᠡᠳᠦᠯ ᠢ ᠭᠦᠢᠴᠡᠳ | ᠪᠠᠳᠠᠷᠠᠭᠤᠯᠵᠣ᠂ ᠬᠡᠷᠡᠭᠯᠡᠭᠴᠢᠳ ᠤᠨ ᠵᠠᠭᠠᠯᠳᠣᠯᠭ᠎ᠠ ᠶᠢ ᠴᠠᠭ ᠲᠣᠬᠠᠢ ᠳᠤᠨᠢ ᠬᠦᠯᠢᠶᠡᠨ ᠠᠪᠴᠣ ᠰᠢᠢᠳᠪᠦᠷᠢᠯᠡᠨ᠂ | ᠬᠡᠥᠬᠡᠳ ᠤᠨ ᠡᠷᠬᠡ ᠠᠰᠢᠭ ᠲᠤ ᠬᠠᠯᠳᠠᠭᠰᠠᠨ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ | ᠰᠢᠢᠳᠪᠦᠷᠢᠯᠡᠵᠦ᠂ ᠬᠡᠥᠬᠡᠳ ᠤᠨ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ |