ᠰᠤᠷᠪᠤᠯᠵᠢᠯᠠᠬᠴᠢ ᠶᠢᠨ ᠤᠶᠢᠯᠠᠭᠠᠬᠰᠠᠨ ᠢᠶᠠᠷ᠂ ᠦᠪᠦᠷ ᠮᠤᠩᠭᠤᠯ ᠤᠨ ᠦᠪᠡᠷᠲᠡᠭᠡᠨ ᠵᠠᠰᠬᠠᠤ ᠤᠷᠤᠨ | ᠭᠤᠷᠪᠠᠳᠠᠬᠢ ᠬᠤᠭᠤᠴᠠᠭᠠᠨ ᠤ ︽ᠳᠤᠮᠳᠠᠳᠤ ᠤᠯᠤᠰ ᠤᠨ ᠦᠢᠯᠡᠰ ᠤᠨ ᠵᠢᠭᠦᠷ︾ ᠦᠢᠯᠡᠰ ᠪᠤᠰᠬᠠᠵᠦ ᠰᠢᠨ᠎ᠡ ᠶᠢ | ᠡᠭᠦᠳᠦᠭᠴᠢᠳ ᠤᠨ ᠲᠡᠮᠡᠴᠡᠭᠡᠨ ᠤ ᠦᠪᠦᠷ ᠮᠤᠩᠭᠤᠯ ᠳᠠᠬᠢ ᠬᠤᠪᠢᠶᠠᠷᠢ ᠲᠡᠮᠡᠴᠡᠭᠡᠨ ᠤ ᠰᠢᠭᠰᠢᠭᠡ ᠲᠡᠮᠡᠴᠡᠭᠡᠨ ᠪᠤᠯᠤᠨ | ᠦᠪᠦᠷ ᠮᠤᠩᠭᠤᠯ ᠤᠨ ᠲᠦᠷᠪᠡᠳᠡᠬᠢ ᠬᠤᠭᠤᠴᠠᠭᠠᠨ ᠤ ︽ᠰᠢᠯᠢ ᠶᠢᠨ ᠭᠤᠤᠯ ᠴᠤᠮᠤ︾ ᠵᠠᠯᠠᠭᠤ ᠦᠢᠯᠡᠰ ᠪᠤᠰᠬᠠᠵᠦ | ᠰᠢᠨ᠎ᠡ ᠶᠢ ᠡᠭᠦᠳᠦᠭᠴᠢᠳ ᠤᠨ ᠲᠡᠮᠡᠴᠡᠭᠡᠨ ᠵᠤᠬᠢᠶᠠᠨ ᠪᠠᠶᠢᠭᠤᠯᠬᠤ ᠪᠠᠷ ᠪᠤᠢ᠃ | ᠤᠶᠢᠯᠠᠭᠠᠬᠰᠠᠨ ᠢᠶᠠᠷ᠂ ᠦᠪᠦᠷ ᠮᠤᠩᠭᠤᠯ ᠤᠨ 16 ᠪᠦᠬᠦᠯᠢ ᠨᠠᠰᠤ ᠬᠦᠷᠦᠭᠰᠡᠨ ᠡᠯ᠎ᠡ ᠬᠦᠷᠢᠶ᠎ᠡ ᠴᠠᠷ᠎ᠠ ᠳᠤ | ᠦᠢᠡᠯᠰ ᠪᠤᠰᠬᠠᠵᠦ ᠰᠢᠨ᠎ᠡ ᠶᠢ ᠡᠭᠦᠳᠦᠭᠴᠢᠳ ᠪᠦᠷ ᠡᠨᠡᠬᠦ ᠲᠡᠮᠡᠴᠡᠭᠡᠨ ᠳᠤ ᠤᠷᠤᠯᠴᠠᠵᠦ ᠪᠤᠯᠤᠨ᠎ᠠ᠃ ᠲᠡᠮᠡᠴᠡᠭᠡᠨ ᠢ | ᠭᠤᠤᠯ ᠴᠤᠬᠴᠠ ᠶᠢᠨ ᠲᠡᠮᠡᠴᠡᠭᠡᠨ ᠪᠤᠯᠤᠨ ᠲᠤᠰᠬᠠᠢ ᠲᠦᠷᠦᠯ ᠤᠨ ᠲᠡᠮᠡᠴᠡᠭᠡᠨ ᠭᠡᠬᠦ ᠬᠤᠶᠠᠷ ᠲᠦᠷᠦᠯ ᠳᠤ | ᠬᠤᠪᠢᠶᠠᠵᠦ᠂ ᠭᠤᠤᠯ ᠴᠤᠬᠴᠠ ᠶᠢᠨ ᠲᠡᠮᠡᠴᠡᠭᠡᠨ ᠢᠶᠠᠨ ᠠᠬᠢᠨ ᠰᠢᠨ᠎ᠡ ᠶᠢ ᠡᠭᠦᠳᠦᠭᠴᠢᠳ ᠤᠨ ᠪᠠᠬ ᠪᠤᠯᠤᠨ ᠦᠢᠯᠡᠰ | ᠪᠤᠰᠬᠠᠬᠴᠢᠳ ᠤᠨ ᠪᠠᠬ ᠭᠡᠬᠦ ᠬᠤᠶᠠᠷ ᠲᠦᠷᠦᠯ ᠳᠤ ᠬᠤᠪᠢᠶᠠᠨ ᠦᠷᠢᠰᠦᠯᠳᠦᠭᠦᠯᠦᠨᠡ᠃ ᠲᠡᠮᠡᠴᠡᠭᠡᠨ ᠳᠤ | ᠤᠷᠤᠯᠴᠠᠬᠤ ᠬᠦᠰᠡᠯ ᠲᠠᠢ ᠬᠦᠮᠦᠰ ᠤᠳᠤ ᠠᠴᠠ 6 ᠰᠠᠷ᠎ᠠ ᠶᠢᠨ 30 ᠤ ᠡᠳᠦᠷ ᠪᠤᠯᠲᠠᠯ᠎ᠠ www.nm12333. | cn᠂ www.nmgrc.com ᠪᠤᠶᠤ http:// nmgcxcy.yueyat.com ᠬᠠᠶᠢᠬ ᠢᠶᠠᠷ | ᠬᠤᠯᠪᠤᠬᠳᠠᠵᠦ ᠨᠡᠷ᠎ᠡ ᠪᠠᠨ ᠪᠦᠷᠢᠳᠬᠡᠭᠦᠯᠦᠭᠡᠷᠡᠢ᠃ | |