ᠬᠥᠬᠡᠬᠤᠲᠠ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠯᠠᠬᠤ ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ︽ᠨᠢᠭᠡ ᠴᠣᠩᠬᠤᠪᠴᠢ︾ ᠪᠠᠷ ᠬᠦᠯᠢᠶᠡᠨ ᠠᠪᠴᠤ ᠭᠦᠢᠴᠡᠳᠬᠡᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2018-05-31
      ᠥᠨᠥᠬᠡᠨ᠂ ᠬᠥᠬᠡᠬᠤᠲᠠ ᠶᠢᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠨᠢ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠪᠠ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠭᠰᠠᠨ ᠬᠤᠷᠠᠯ ᠬᠢᠪᠡ᠃ ᠬᠤᠷᠠᠯ ᠠᠴᠠ ᠱᠠᠭᠠᠷᠳᠠᠭᠰᠠᠨ ᠨᠢ᠂ 6 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ᠂ ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠯᠠᠬᠤ ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ︽ᠨᠢᠭᠡ ᠴᠣᠩᠬᠤᠪᠴᠢ︾ ᠪᠠᠷ ᠬᠦᠯᠢᠶᠡᠨ ᠠᠪᠴᠤ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠶ︔ 7 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ᠂ ᠲᠤᠬᠠᠶᠢᠯᠠᠭᠰᠠᠨ ᠠᠵᠢᠯ ᠤᠨ ᠴᠢᠨᠠᠷ ᠢ ᠪᠠᠲᠤᠯᠠᠵᠦ ᠬᠤᠷᠳᠤᠴᠠ ᠶᠢ ᠲᠥᠷᠭᠡᠳᠬᠡᠬᠦ ᠶᠢ ᠪᠦᠷᠢᠨ ᠪᠡᠶᠡᠯᠡᠭᠦᠯᠵᠦ᠂ ︽ᠡᠷᠬᠡ ᠶᠢ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠠᠵᠢᠯ ᠤᠨ ᠱᠠᠭᠠᠷᠳᠠᠯᠭ᠎ᠠ ᠳᠤ ᠦᠨᠳᠦᠰᠦᠨ ᠳᠡᠭᠡᠨ ᠬᠦᠷᠦᠭᠦᠯᠬᠦ ᠬᠡᠷᠡᠭᠲᠡᠢ ᠭᠡᠵᠡᠢ᠃      ᠬᠤᠷᠠᠯ ᠳᠤ᠂ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠯᠠᠬᠤ ᠳᠠᠩᠰᠠᠯᠠᠭᠤᠯᠬᠤ ᠶᠢ ︽ᠨᠢᠭᠡ ᠴᠣᠩᠬᠤᠪᠴᠢ ︾ ᠪᠠᠷ ᠬᠦᠯᠢᠶᠡᠨ ᠠᠪᠴᠤ ᠭᠦᠢᠴᠡᠳᠬᠡᠬᠦ ᠶᠠᠪᠤᠳᠠᠯ ᠢ ᠭᠦᠨᠵᠡᠭᠡᠶ ᠰᠤᠳᠤᠯᠤᠨ ᠶᠠᠷᠢᠯᠴᠠᠵᠤ᠂ ︽ᠨᠢᠭᠡ ᠴᠣᠩᠬᠤᠪᠴᠢ︾ ᠪᠠᠷ ᠬᠦᠯᠢᠶᠡᠨ ᠠᠪᠴᠤ ᠭᠦᠢᠴᠡᠳᠬᠡᠬᠦ ᠴᠣᠩᠬᠤ ᠪᠠᠶᠢᠭᠤᠯᠬᠤ᠂ ᠠᠵᠢᠯᠴᠢᠨ ᠲᠣᠬᠢᠷᠠᠭᠤᠯᠬᠤ᠂ ᠭᠦᠢᠴᠡᠳᠬᠡᠬᠦ ᠶᠠᠪᠤᠴᠠ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠲᠤᠭ᠎ᠠ ᠪᠠᠷᠢᠮᠲᠠ ᠶᠢ ᠬᠠᠮᠲᠤᠪᠠᠷ ᠬᠦᠷᠲᠡᠬᠦ᠂ ᠳᠠᠩᠰᠠ ᠡᠪᠬᠡᠮᠡᠯ ᠤᠨ ᠬᠠᠮᠢᠶᠠᠷᠤᠯᠲᠠ᠂ ᠲᠣᠣᠷ ᠰᠦᠯᠵᠢᠶᠡᠨ ᠤ ᠠᠮᠤᠷ ᠲᠦᠪᠰᠢᠨ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠵᠡᠷᠭᠡ ᠲᠠᠯ᠎ᠠ ᠪᠠᠷ ᠨᠠᠷᠢᠨ ᠵᠥᠪᠳᠡᠭᠡᠳ᠂ ᠬᠠᠮᠤᠭ ᠡᠴᠦᠰ ᠲᠤ᠂ ᠰᠠᠨᠠᠯ ᠨᠢᠭᠡᠳᠦᠭᠰᠡᠨ ᠪᠠᠶᠢᠨ᠎ᠠ᠄ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠨᠢ ᠬᠢᠯᠪᠠᠷᠴᠢᠯᠠᠭᠰᠠᠨ ᠴᠤᠪᠤᠷᠠᠯ ᠲᠠᠢ ᠪᠠᠶᠢᠯᠭᠠᠬᠤ ᠵᠠᠷᠴᠢᠮ ᠶᠣᠰᠣᠭᠠᠷ᠂ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠯᠠᠵᠤ ᠳᠠᠩᠰᠠᠯᠠᠭᠤᠯᠬᠤ ᠨᠢᠭᠡᠯᠨ ᠭᠤᠶᠤᠴᠢᠯᠠᠯ ᠤᠨ ᠪᠢᠴᠢᠭ ᠢ ᠬᠠᠮᠲᠤᠪᠠᠷ ᠬᠡᠷᠡᠭᠯᠡᠨ᠎ᠡ︔ ᠠᠵᠢᠯ ᠤᠨ ᠴᠤᠪᠤᠷᠠᠯ ᠵᠢᠷᠤᠭ ᠢ ᠳᠠᠬᠢᠨ ᠲᠣᠭᠲᠠᠭᠠᠬᠤ ᠪᠥᠭᠡᠳ ᠲᠠᠩᠬᠢᠮ ᠤᠨ ᠢᠯᠠ ᠪᠠᠶᠢᠷᠢᠨ ᠳᠤ ᠨᠠᠭᠠᠵᠤ ᠲᠠᠯᠪᠢᠨ᠎ᠡ︔ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠲᠤᠭ᠎ᠠ ᠪᠠᠷᠢᠮᠲᠠ ᠶᠢ ᠬᠠᠮᠲᠤᠪᠠᠷ ᠬᠦᠷᠲᠡᠬᠦ ᠳᠡᠰ ᠳᠠᠷᠠᠭᠠᠯᠠᠯ ᠢ ᠰᠢᠯᠢᠳᠡᠭᠵᠢᠭᠦᠯᠵᠦ᠂ ᠵᠠᠪᠰᠠᠷ ᠤᠨ ᠲᠤᠭ᠎ᠠ ᠪᠠᠷᠢᠮᠲᠠ ᠶᠢᠨ ᠬᠥᠮᠥᠷᠭᠡ ᠪᠠᠶᠢᠭᠤᠯᠵᠤ᠂ ᠦᠯᠦ ᠬᠥᠳᠡᠯᠬᠦ ᠬᠦᠷᠦᠩᠬᠡ ᠶᠢᠨ ᠨᠢᠭᠡᠴᠢ ᠶᠢᠨ ᠨᠣᠮᠧᠷ ᠢᠶᠠᠷ ᠴᠤᠷ ᠤᠨ ᠭᠠᠭᠴᠠ ᠭᠡᠷᠡᠴᠢᠯᠡᠨ ᠮᠠᠭᠠᠳᠯᠠᠬᠤ ᠨᠣᠮᠧᠷ ᠪᠣᠯᠭᠠᠵᠤ ᠂ ᠡᠯ᠎ᠡ ᠰᠠᠯᠠᠭ᠎ᠠ ᠮᠥᠴᠢᠷ ᠤᠳ ᠵᠠᠪᠰᠠᠷ ᠤᠨ ᠲᠤᠭ᠎ᠠ ᠪᠠᠷᠢᠮᠲᠠ ᠶᠢᠨ ᠬᠥᠮᠥᠷᠭᠡ ᠠᠴᠠ ᠲᠤᠰ ᠲᠤᠰ ᠤᠨ ᠲᠤᠬᠠᠶᠢᠯᠠᠭᠰᠠᠨ ᠠᠵᠢᠯ ᠤᠨ ᠢᠶᠠᠨ ᠭᠦᠢᠴᠡᠳᠬᠡᠬᠦ ᠴᠢᠬᠤᠯᠠᠲᠠᠶ ᠴᠢᠬᠤᠯᠠ ᠪᠢᠴᠢᠭ ᠮᠠᠲ᠋ᠧᠷᠢᠶᠠᠯ ᠢ ᠭᠠᠷᠭᠠᠨ ᠠᠪᠤᠨ᠎ᠠ︔ ᠬᠠᠲᠠᠭᠤ ᠲᠤᠨᠤᠭ ᠤᠨ ᠲᠥᠬᠦᠭᠡᠷᠦᠮᠵᠢ ᠪᠠ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠯᠧᠺᠳ᠋ᠷᠣᠨ ᠳᠠᠩᠰᠠ ᠡᠪᠬᠡᠮᠡᠯ ᠤᠨ ᠬᠠᠲᠠᠭᠤ ᠲᠤᠨᠤᠭ ᠢ ᠬᠠᠳᠠᠭᠠᠯᠠᠬᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠡᠯᠡᠳᠬᠡᠯ ᠬᠠᠳᠠᠭᠠᠯᠠᠮᠵᠢ ᠬᠢᠵᠦ᠂ ᠲᠤᠭ᠎ᠠ ᠪᠠᠷᠢᠮᠲᠠ ᠬᠠᠳᠠᠭᠠᠯᠠᠬᠤ ᠲᠥᠬᠦᠭᠡᠷᠦᠮᠵᠢ ᠳᠤ ᠰᠠᠭᠠᠳ ᠤᠴᠠᠷᠠᠭᠰᠠᠨ ᠠᠴᠠ ᠪᠣᠯᠵᠤ ᠲᠤᠭ᠎ᠠ ᠪᠠᠷᠢᠮᠲᠠ ᠭᠡᠭᠡᠭᠳᠡᠬᠦ ᠠᠳᠡᠯ ᠢ ᠰᠡᠷᠭᠡᠶᠢᠯᠡᠨ᠎ᠠ︔ ᠶᠡᠭᠡ ᠲᠠᠩᠬᠢᠮ ᠤᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠣᠳᠠᠲᠤ ᠪᠠᠶᠢᠳᠠᠯ ᠢᠶᠠᠨ ᠦᠨᠳᠦᠰᠦᠯᠡᠨ᠂ ᠤᠯᠤᠰ ᠤᠨ ᠭᠠᠵᠠᠷ ᠰᠢᠷᠣᠢ ᠡᠬᠢ ᠪᠠᠶᠠᠯᠢᠭ᠂ ᠭᠡᠷ ᠪᠠᠶᠢᠰᠢᠩ ᠤᠨ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠤᠨ ︽ᠨᠢᠭᠡ ᠴᠣᠩᠬᠤᠪᠴᠢ︾ ᠪᠠᠷ ᠬᠦᠯᠢᠶᠡᠨ ᠠᠪᠴᠤ ᠭᠦᠢᠴᠡᠳᠬᠡᠬᠦ ᠴᠣᠩᠬᠤ ᠭᠠᠷᠭᠠᠵᠤ᠂ ᠲᠤᠬᠠᠶᠢᠯᠠᠭᠰᠠᠨ ᠠᠵᠢᠯ ᠳᠠᠭᠠᠨ ᠴᠢᠳᠠᠮᠠᠭᠠᠢ ᠠᠵᠢᠯᠲᠠᠨ ᠢ ︽ᠨᠢᠭᠡ ᠴᠣᠩᠬᠤᠪᠴᠢ︾ ᠶᠢᠨ ᠦᠢᠯᠡᠴᠢᠯᠡᠭᠡᠨ ᠳᠤ ᠰᠣᠩᠭᠤᠨ ᠲᠣᠬᠢᠷᠠᠭᠤᠯᠤᠨ᠎ᠠ︔ ᠦᠯᠦ ᠬᠥᠳᠡᠯᠬᠦ ᠬᠦᠷᠦᠩᠭᠡ ᠪᠠ ᠭᠡᠷ ᠪᠠᠶᠢᠰᠢᠩ ᠤᠨ ᠬᠠᠮᠢᠶᠠᠷᠤᠯᠲᠠ ᠶᠢᠨ ᠨᠢᠭᠡᠳᠦᠯᠲᠡᠢ ᠠᠰᠠᠭᠤᠨ ᠯᠠᠪᠯᠠᠬᠤ ᠲᠠᠪᠴᠠᠩ ᠪᠠᠶᠢᠭᠤᠯᠵᠤ᠂ ᠦᠢᠯᠡᠴᠢᠯᠡᠭᠡᠨ ᠤ ᠲᠠᠩᠬᠢᠮ ᠤᠨ ᠠᠵᠢᠯᠲᠠᠨ ᠬᠥᠲᠥᠯᠥᠨ ᠦᠢᠯᠡᠴᠢᠯᠡᠬᠦ ᠪᠠᠨ ᠴᠢᠩᠭᠠᠳᠬᠠᠨ᠎ᠠ᠃ ᠡᠭᠦᠨ ᠠᠴᠠ ᠭᠠᠳᠠᠨ᠎ᠠ᠂ ᠬᠤᠳᠠ ᠶᠢᠨ ᠣᠷᠣᠨ ᠰᠠᠭᠤᠴᠠ ᠶᠢᠨ ᠪᠠᠲᠤᠯᠠᠭ᠎ᠠ ᠪᠠ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ᠂ ᠬᠤᠲᠠ ᠶᠢᠨ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠨᠢ ᠠᠵᠢᠯᠲᠠᠤᠨ ᠢ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠲᠥᠪᠯᠡᠷᠡᠭᠦᠯᠦᠨ ᠬᠢᠵᠦ᠂ ᠬᠡᠷᠡᠭ ᠶᠠᠪᠤᠳᠠᠯ ᠭᠦᠢᠴᠡᠳᠬᠡᠬᠦ ᠴᠤᠪᠤᠷᠠᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢ ᠣᠶᠢᠯᠠᠭᠠᠭᠤᠯᠵᠤ᠂ ︽ᠨᠢᠭᠡ ᠴᠣᠩᠬᠤᠪᠴᠢ︾ ᠶᠢᠨ ᠦᠢᠯᠡᠴᠢᠯᠡᠭᠡ ᠶᠢᠨ ᠣᠯᠠᠨ ᠲᠦᠮᠡᠨ ᠢ ︽ᠨᠢᠭᠡᠯᠨ ᠤᠳᠠᠭ᠎ᠠ ᠭᠦᠶᠦᠯᠭᠡᠬᠦ︾ ᠶᠢ ᠦᠨᠡᠨ ᠬᠦ ᠢᠯᠡᠷᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号