ᠦᠪᠦᠷ ᠮᠣᠩᠭᠤᠯ ᠤᠨ ᠨᠤᠮ ᠤᠨ ᠰᠠᠩ ᠤᠨ ᠲᠦᠷᠪᠡᠳ ᠬᠤᠰᠢᠭᠤᠨ ᠤ ᠬᠤᠩᠭᠤᠷ ᠮᠣᠩᠭᠤᠯ  ᠰᠤᠷᠭᠠᠭᠤᠯᠢ ᠳᠠᠬᠢ ᠬᠤᠪᠢᠶᠠᠷᠢ ᠨᠤᠮ ᠤᠨ ᠰᠠᠩ ᠪᠠᠶᠢᠭᠤᠯᠤᠭᠲᠠᠪᠠ
ᠨᠡᠶᠢᠲᠡᠯᠡᠭᠰᠡᠨ ᠴᠠᠭ᠄
2018-05-31
      ᠰᠢᠨᠬᠤᠧᠠ  ᠮᠣᠩᠭᠤᠯ ᠨᠧᠲ ᠬᠦᠬᠡᠬᠤᠲᠠ ᠶᠢᠨ 5 ᠰᠠᠷ᠎ᠠ ᠶᠢᠨ 30 ᠤ ᠡᠲᠦᠷ ᠤᠨ ᠴᠠᠬᠢᠯᠭᠠᠨ ᠮᠡᠲᠡᠭᠡ ᠲᠡᠯᠡᠬᠡᠢ ᠶᠢᠨ ᠬᠡᠦᠬᠡᠳ ᠤᠨ ᠪᠠᠶᠠᠷ ᠤᠨ ᠡᠲᠦᠷ ᠲᠤᠩ ᠤᠲᠠᠬᠤ ᠦᠭᠡᠢ ᠲᠤᠬᠢᠶᠠᠬᠤ ᠪᠠᠷ ᠦᠪᠦᠷ ᠮᠣᠩᠭᠤᠯ ᠤᠨ ᠨᠤᠮ ᠤᠨ ᠰᠠᠩ ᠤᠨ ᠬᠢᠨ ᠬᠦᠲᠡᠭᠡ ᠤᠷᠤᠨ ᠨᠤᠲᠤᠭ ᠤᠨ ᠬᠡᠦᠬᠡᠳ ᠪᠠᠭᠠᠴᠤᠳ ᠲᠤ ᠨᠠᠮ ᠪᠠ ᠡᠬᠡ ᠤᠷᠤᠨ ᠤ ᠬᠠᠶᠢᠷ᠎ᠠ ᠬᠠᠯᠠᠮᠵᠢ ᠶᠢ ᠬᠦᠷᠭᠡᠬᠦ ᠪᠠᠷ 28 ᠤ ᠡᠲᠦᠷ ᠦᠪᠦᠷ ᠮᠣᠩᠭᠤᠯ ᠤᠨ ᠤᠯᠠᠭᠠᠨᠴᠠᠪ ᠬᠤᠲᠠ ᠶᠢᠨ ᠲᠦᠷᠪᠡᠳ ᠬᠤᠰᠢᠭᠤᠨ ᠤ  ᠬᠤᠩᠭᠤᠷ ᠮᠣᠩᠭᠤᠯ ᠰᠤᠷᠭᠠᠭᠤᠯᠢ ᠳᠤ ᠬᠤᠪᠢᠶᠠᠷᠢ ᠨᠤᠮ ᠤᠨ ᠰᠠᠩ ᠪᠠᠶᠢᠭᠤᠯᠵᠤ᠂ ᠤᠷᠠᠨ ᠵᠤᠬᠢᠶᠠᠯ ᠂ ᠵᠢᠷᠤᠭᠲᠤ ᠲᠡᠪᠲᠡᠷ ᠵᠡᠷᠭᠡ ᠪᠠᠭ᠎ᠠ ᠰᠤᠷᠭᠠᠭᠤᠯᠢ ᠪᠠ ᠴᠡᠴᠡᠷᠯᠢᠭ ᠤᠨ ᠬᠡᠦᠬᠡᠳ ᠤᠨ ᠤᠩᠰᠢᠬᠤ 2000 ᠨᠤᠮ ᠢ ᠬᠠᠨᠳᠢᠪᠯᠠᠭᠰᠠᠨ ᠪᠠᠶᠢᠨ᠎ᠠ᠃      ᠤᠶᠢᠯᠠᠭᠠᠭᠰᠠᠨ ᠢᠶᠠᠷ᠂ ᠦᠪᠦᠷ ᠮᠣᠩᠭᠤᠯ ᠤᠨ ᠤᠯᠠᠭᠠᠨᠴᠠᠪ ᠬᠤᠲᠠ ᠶᠢᠨ ᠲᠦᠷᠪᠡᠳ ᠬᠤᠰᠢᠭᠤᠨ ᠤ  ᠬᠤᠩᠭᠤᠷ ᠮᠣᠩᠭᠤᠯ ᠰᠤᠷᠭᠠᠭᠤᠯᠢ 1951 ᠤᠨ ᠳᠤ ᠪᠠᠶᠢᠭᠤᠯᠤᠭᠲᠠᠵᠤ᠂ ᠤᠯᠠᠭᠠᠨᠴᠠᠪ ᠬᠤᠲᠠ ᠶᠢᠨ ᠴᠤᠷ ᠤᠨ ᠭᠠᠭᠴᠠ ᠮᠠᠯᠵᠢᠬᠤ ᠤᠷᠤᠨ ᠤ ᠮᠤᠩᠭᠤᠯ ᠪᠠᠭ᠎ᠠ ᠰᠤᠷᠭᠠᠭᠤᠯᠢ ᠪᠠᠶᠢᠵᠤ᠂ ᠲᠤᠰ ᠬᠤᠰᠢᠭᠤᠨ ᠤ ᠵᠢᠷᠭᠤᠭᠠᠨ ᠰᠤᠮᠤ ᠶᠢᠨ ᠬᠡᠦᠬᠡᠳ ᠪᠠᠭᠠᠴᠤᠳ ᠤᠨ ᠰᠠᠭᠤᠷᠢ ᠰᠤᠷᠭᠠᠨ ᠬᠦᠮᠦᠵᠢᠯ ᠬᠦᠷᠲᠡᠭᠡᠬᠦ ᠡᠭᠦᠷᠭᠡ ᠶᠢ ᠡᠭᠦᠷᠭᠡᠯᠡᠵᠦ ᠪᠠᠶᠢᠲᠠᠭ      ᠰᠡᠬᠦᠯ ᠤᠨ ᠦᠶ᠎ᠠ ᠳᠤ ᠦᠪᠦᠷ ᠮᠣᠩᠭᠤᠯ ᠤᠨ ᠨᠤᠮ ᠤᠨ ᠰᠠᠩ ᠬᠤᠪᠢᠶᠠᠷᠢ ᠨᠤᠮ ᠤᠨ ᠰᠠᠩ ᠪᠠᠶᠢᠭᠤᠯᠬᠤ ᠪᠠᠷ ᠲᠠᠮᠵᠢᠨ ᠬᠦᠲᠡᠭᠡ ᠤᠷᠤᠨ ᠨᠤᠲᠤᠭ᠂ ᠶᠠᠲᠠᠭᠤ ᠬᠦᠴᠢᠷᠲᠡᠯᠲᠡᠢ ᠭᠠᠵᠠᠷ ᠤᠷᠤᠨ ᠤ ᠤᠯᠠᠨ ᠲᠦᠮᠡᠨ ᠤ ᠰᠤᠶᠤᠯ ᠤᠨ ᠠᠮᠢᠲᠤᠷᠠᠯ ᠢ ᠪᠠᠶᠠᠯᠢᠭᠵᠢᠭᠤᠯᠵᠤ ᠤᠨᠴᠠᠭᠠᠶᠢᠯᠠᠨ ᠬᠡᠦᠬᠡᠳ ᠪᠠᠭᠠᠴᠤᠳ ᠲᠤ ᠡᠯᠪᠡᠭ ᠪᠠᠶᠠᠯᠢᠭ ᠠᠭᠤᠯᠭ᠎ᠠ ᠪᠦᠬᠦᠢ ᠨᠤᠮ ᠬᠦᠷᠭᠡᠨ ᠤᠶᠤᠨ ᠤᠬᠠᠭᠠᠨ ᠢ ᠨᠢ ᠲᠡᠯᠡᠵᠦ ᠨᠡᠮᠡᠭᠲᠡᠬᠦᠯᠬᠦ ᠶᠢ ᠵᠤᠷᠢᠵᠠᠢ᠃
 
ᠢᠷᠡᠯᠲᠡ᠄ ᠰᠢᠨᠬᠤᠧᠠ‌ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号