︽ᠮᠥᠩᠬᠡ ᠶᠢᠨ ᠬᠠᠪᠤᠷ︾ —— ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠨᠡᠭᠡᠭᠡᠯᠲᠡ ᠶᠢᠨ 40 ᠵᠢᠯ ᠤᠨ ᠣᠢ ᠶᠢ ᠳᠤᠷᠠᠰᠬᠠᠬᠤ ᠨᠠᠶᠢᠷᠠᠯ ᠳᠠᠭᠤᠤ ᠶᠢᠨ ᠦᠵᠡᠭᠦᠯᠦᠯᠭᠡ ᠤᠯᠠᠭᠠᠨ ᠲᠢᠶᠠᠲᠷ ᠲᠤ ᠶᠠᠪᠤᠭᠳᠠᠪᠠ
ᠨᠡᠶᠢᠲᠡᠯᠡᠭᠰᠡᠨ ᠴᠠᠭ᠄
2018/5/31
      5 ᠰᠠᠷ᠎ᠠ ᠶᠢᠨ 26 ᠤ ᠡᠳᠦᠷ ᠠᠴᠠ  28 ᠤ  ᠡᠳᠦᠷ  ᠪᠣᠯᠲᠠᠯ᠎ᠠ᠂  ︽ᠮᠥᠩᠬᠡ ᠶᠢᠨ  ᠬᠠᠪᠤᠷ︾  ——ᠥᠪᠥᠷ‌ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠨᠡᠭᠡᠭᠡᠯᠲᠡ ᠶᠢᠨ 40 ᠵᠢᠯ ᠤᠨ ᠣᠢ ᠶᠢ ᠳᠤᠷᠠᠰᠬᠠᠬᠤ ᠨᠠᠶᠢᠷᠠᠯ‌‍ᠲ᠋ᠠᠭᠤᠤ ᠶᠢᠨ ᠦᠵᠡᠭᠦᠯᠦᠯᠭᠡ ᠶᠢᠨ ᠲᠤᠭᠯᠠᠯᠲᠠ ᠤᠯᠠᠭᠠᠨ ᠲᠢᠶᠠᠲᠷ ᠲᠤ ᠶᠠᠪᠤᠭᠳᠠᠪᠠ᠃              ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ· ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ‍ᠤᠨ‌ᠨᠠᠶᠢᠷ ᠤᠨ ᠠᠵᠢᠯᠯᠠᠭᠠᠨ ᠤ ᠨᠢᠭᠡ ᠪᠣᠯᠣᠭᠰᠠᠨ ᠤ ᠬᠤᠪᠢ ᠳᠤ ᠲᠤᠰ  ᠤᠳᠠᠭᠠᠨ ᠤ  ᠨᠠᠶᠢᠷᠠᠯ  ᠳᠠᠭᠤᠤ ᠶᠢᠨ  ᠦᠵᠡᠭᠦᠯᠦᠯᠭᠡ ᠵᠢᠨ‌ᠠᠵᠢᠯᠯᠠᠭᠠᠨ ᠳᠤ 12 ᠠᠶᠢᠮᠠᠭ ᠬᠤᠲᠠ ᠶᠢᠨ 40 ᠨᠠᠶᠢᠷᠠᠯ ᠳᠠᠭᠤᠤ ᠶᠢᠨ ᠪᠦᠯᠬᠦᠮ ᠤᠨ 2000 ᠬᠦᠮᠦᠨ ᠬᠦᠷᠦᠯᠴᠡᠨ ᠢᠷᠡᠵᠦ‌ᠣᠷᠣᠯᠴᠠᠪᠠ᠃ ᠨᠠᠶᠢᠷᠠᠯ ᠳᠠᠭᠤᠤ ᠶᠢᠨ ᠪᠦᠯᠬᠦᠮ ᠤᠨ ᠬᠢᠨ ᠠᠶ᠎ᠠ ᠳᠠᠭᠤᠤ ᠪᠠᠷ ᠢᠶᠠᠨ ᠨᠠᠮ᠂  ᠡᠬᠡ  ᠣᠷᠣᠨ  ᠬᠢᠭᠡᠳ  ᠦᠯᠦᠭᠡᠢ‌ᠨᠤᠲᠤᠭ ᠢᠶᠠᠨ ᠮᠠᠭᠲᠠᠨ ᠳᠠᠭᠠᠤᠯᠠᠵᠠᠭᠠᠵᠦ᠂ ᠠᠶ᠎ᠠ ᠳᠠᠭᠤᠤ ᠪᠠᠷ ᠢᠶᠠᠨ ᠥᠭᠡᠷᠡᠴᠢᠯᠡᠯᠲᠡ ᠨᠡᠭᠡᠭᠡᠯᠲᠡ ᠶᠢᠨ 40  ᠵᠢᠯ ᠤᠨ  ᠣᠢ ᠵᠢ‌‍ᠪᠡᠯᠭᠡᠯᠡᠵᠦ᠂ ᠤᠭ ᠰᠠᠨᠠᠭ᠎ᠠ ᠪᠠᠨ ᠦᠯᠦ ᠮᠠᠷᠲᠠᠨ ᠦᠷᠭᠦᠯᠵᠢᠯᠡᠨ ᠤᠷᠤᠭᠰᠢᠯᠠᠬᠤ  ᠪᠠᠲᠤ  ᠵᠣᠷᠢᠭ ᠢᠶᠠᠨ  ᠢᠯᠡᠳᠬᠡᠵᠡᠢ᠃  ᠲᠤᠰ‌ᠤᠳᠠᠭᠠᠨ ᠤ ᠠᠵᠢᠯᠯᠠᠭ᠎ᠠ  ᠶᠢ ᠥᠪᠡᠷᠲᠡᠭᠡᠨ ᠵᠠᠰᠠᠬᠤ ᠣᠷᠣᠨ ᠤ ᠤᠬᠠᠭᠤᠯᠬᠤ ᠬᠡᠯᠲᠡᠰ  ᠪᠠ  ᠥᠪᠡᠷᠲᠡᠭᠡᠨ  ᠵᠠᠰᠠᠬᠤ  ᠣᠷᠣᠨ ‍ᠤ‌ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠬᠠᠮᠲᠤᠷᠠᠨ ᠡᠷᠬᠢᠯᠡᠪᠡ᠃       ︵ᠰᠢᠨᠬᠤᠸᠠ ᠰᠦᠯᠵᠢᠶ᠎ᠡ ᠨᠡᠶᠢᠲᠡᠯᠡᠪᠡ ᠸᠠᠩ ᠴᠢ ᠰᠡᠭᠦᠳᠡᠷᠯᠡᠪᠡ︶
ᠢᠷᠡᠯᠲᠡ᠄ ᠰᠢᠨᠬᠤᠸᠠ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ