︽5.1︾ ᠤ ᠠᠮᠠᠷᠠᠯᠲᠠ ᠶᠢᠨ ᠬᠤᠭᠤᠴᠠᠭᠠᠨ ᠳᠤ ᠲᠤᠭᠳᠠᠬᠤ ᠰᠢᠶᠠᠨ ᠳᠤ ᠵᠤᠭᠠᠴᠠᠭᠰᠠᠳ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2018-05-04
     2018 ᠣᠨ ᠤ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ ᠲᠣᠭᠲᠠᠬᠤ ᠰᠢᠶᠠᠨ ᠳᠤ ᠵᠤᠭᠠᠴᠠᠭᠰᠠᠳ 6.24 ᠲᠦᠮᠡᠨ ᠬᠥᠮᠦᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29 % ᠪᠠᠷ ᠨᠡᠮᠡᠭᠳᠡᠵᠦ᠂ ᠵᠢᠭᠤᠯᠴᠢᠯᠠᠯ ᠤᠨ ᠶᠡᠷᠦᠩᠬᠡᠢ ᠤᠷᠤᠯᠭ᠎ᠠ 540.8 ᠲᠦᠮᠡᠨ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31 % ᠪᠠᠷ ᠨᠡᠮᠡᠭᠳᠡᠪᠡ᠃ ᠭᠤᠷᠪᠠᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ 4 ᠰᠠᠷ᠎ᠠ ᠶᠢᠨ 30 ᠤ ᠡᠳᠦᠷ ᠵᠤᠭᠠᠴᠠᠭᠰᠠᠳ ᠤᠨ ᠲᠤᠭ᠎ᠠ ᠤᠷᠭᠢᠯ ᠳᠠᠭᠠᠨ ᠬᠦᠷᠴᠦ᠂ ᠬᠥᠬᠡᠬᠤᠲᠠ ᠪᠤᠭᠤᠲᠤ ᠤᠷᠳᠤᠰ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠤ ᠵᠤᠭᠠᠴᠠᠭᠰᠠᠳ ᠢᠶᠠᠷ ᠭᠤᠣᠯ ᠪᠤᠯᠵᠤ᠂ ᠬᠤᠪᠢ ᠶᠢᠨ ᠮᠠᠰᠢᠨ ᠢᠶᠠᠷ ᠵᠤᠭᠠᠴᠠᠭᠰᠠᠳ ᠤᠯᠠᠨ ᠲᠤᠭ᠎ᠠ ᠶᠢ ᠡᠵᠡᠯᠡᠨ᠂ ᠵᠢᠭᠤᠯᠴᠢᠯᠠᠯ ᠤᠨ ᠪᠦᠯᠬᠦᠮ ᠴᠦᠬᠡᠨ ᠪᠠᠶᠢᠨ᠎ᠠ᠃ ᠵᠤᠭᠠᠴᠠᠭᠰᠠᠳ ᠤᠨ ᠲᠤᠭ᠎ᠠ᠂ ᠶᠡᠷᠦᠩᠬᠡᠶᠢᠯᠡᠭᠰᠡᠨ ᠣᠷᠣᠯᠭ᠎ᠠ ᠨᠡᠮᠡᠭᠳᠡᠵᠦ ᠪᠠᠶᠢᠭ᠎ᠠ ᠰᠢᠯᠲᠠᠭᠠᠨ  ᠨᠢ ᠳᠣᠣᠷᠠᠬᠢ ᠮᠡᠲᠦ᠄      ᠨᠢᠭᠡ ᠳᠤ᠂ ᠦᠵᠡᠮᠵᠢᠲᠦ ᠣᠷᠣᠨ ᠦᠵᠡᠮᠵᠢ ᠶᠢᠨ ᠭᠠᠵᠠᠷ ᠲᠠᠰᠤᠷᠠᠯᠳᠠ ᠦᠭᠡᠢ ᠨᠡᠮᠡᠭᠳᠡᠵᠦ᠂ ᠵᠤᠭᠠᠴᠠᠭᠰᠠᠳ ᠢ ᠲᠠᠲᠠᠬᠤ ᠬᠦᠴᠦᠨ ᠨᠢ ᠠᠭᠠᠵᠢᠮ ᠢᠶᠠᠷ ᠨᠡᠮᠡᠭᠳᠡᠵᠡᠢ᠃ ︽5.1︾ ᠤ ᠠᠮᠠᠷᠠᠯᠲᠠ ᠳᠤ ᠱᠧᠨ ᠴᠢᠦᠸᠠᠨ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠵᠢᠨ‌ᠤᠷᠤᠨ ᠤ ᠵᠤᠭᠠᠴᠠᠭᠰᠠᠳ ᠤᠨ ᠲᠤᠭ᠎ᠠ ᠨᠢᠳᠤᠨᠤᠨ ᠠᠴᠠ 25 % ᠣᠷᠴᠢᠮ ᠨᠡᠮᠡᠭᠳᠡᠵᠦ᠂ ᠬᠠᠲᠤᠨ ᠭᠤᠣᠯ ᠤᠨ ᠵᠡᠭᠦᠳᠦ  ᠵᠡᠷᠭᠡᠯᠭᠡᠨᠳᠤ ᠤᠰᠤᠨ ᠶᠢᠷᠳᠢᠨᠴᠦ᠂ ᠳ᠋ᠦᠩᠱᠧᠩ ᠽᠠᠶᠢᠵᠠ ᠰᠣᠶᠣᠯ ᠵᠤᠭᠠᠴᠠᠯ ᠤᠨ ᠣᠷᠣᠨ ᠤ ᠵᠤᠭᠠᠴᠠᠭᠰᠠᠳ ᠤᠨ ᠲᠤᠭ᠎ᠠ ᠨᠢ ᠨᠢᠳᠤᠨᠤᠨ ᠤ ᠬᠤᠶᠠᠷ ᠲᠠᠬᠢᠨ ᠤᠷᠴᠢᠮ ᠬᠦᠷᠴᠡᠢ᠃ 2017 ᠤᠨ ᠤ 8 ᠳ᠋ᠤᠭᠠᠷ ᠰᠠᠷ᠎ᠠ ᠠᠴᠠ ᠡᠬᠢᠯᠡᠨ ᠡᠵᠡᠩᠨᠡᠯᠳᠡ ᠳᠤ ᠤᠷᠤᠭᠰᠠᠨ ᠬᠠᠲᠤᠨ ᠭᠤᠣᠯ ᠤᠨ ᠲᠠᠷᠢᠶᠠᠯᠠᠩ ᠴᠡᠩᠭᠡᠯ ᠵᠢᠭᠤᠯᠴᠢᠯᠠᠯ ᠤᠨ ᠤᠷᠤᠨ ᠳᠤ 5000 ᠰᠢᠬᠠᠮ ᠬᠥᠮᠦᠨ ᠵᠢᠭᠤᠯᠴᠢᠯᠠᠵᠠᠢ᠃      ᠬᠤᠶᠠᠷ ᠲᠤ᠂ ᠠᠮᠠᠷᠠᠯᠲᠠ ᠶᠢᠨ ᠡᠳᠦᠷ ᠤᠨ ᠬᠦᠳᠡᠯᠭᠡᠭᠡᠨ ᠤ ᠠᠭᠤᠯᠭ᠎ᠠ ᠪᠠᠶᠠᠯᠢᠭ᠂ ᠵᠠᠬ᠎ᠠ ᠳᠡᠯᠭᠡᠭᠦᠷ ‍ᠤᠨ‌ᠡᠵᠡᠩᠨᠡᠯᠳᠡ ᠶᠢᠨ ᠪᠠᠶᠢᠳᠠᠯ ᠵᠢᠱᠢᠯᠲᠡ ᠠᠴᠠ ᠰᠠᠶᠢᠨ ᠪᠤᠯᠵᠠᠢ᠃ ︽5.1︾ ᠤ ᠠᠮᠠᠷᠠᠯᠲᠠ ᠲᠤ ᠴᠢᠭᠯᠡᠭᠦᠯᠦᠨ ᠵᠢᠭᠤᠯᠴᠢᠯᠠᠯ ᠤᠨ ᠲᠤᠪᠴᠢᠶ᠎ᠠ ᠠᠴᠠ ᠤᠬᠠᠭᠤᠯᠭ᠎ᠠ ᠶᠢᠨ ᠠᠵᠢᠯ ᠢ ᠴᠢᠩᠭᠠᠳᠭᠠᠵᠤ᠂ ᠳ᠋ᠦᠩᠱᠧᠩ ᠽᠠᠶᠢᠵᠠ ᠰᠣᠶᠣᠯ ᠤᠨ ᠵᠤᠭᠠᠴᠠᠯ ᠤᠨ ᠣᠷᠣᠨ᠂ ᠵᠢᠶᠠ ᠹᠧᠩ ᠲᠠᠷᠢᠶᠠᠯᠠᠩ ᠤᠨ  ᠲᠡᠭᠦᠨ ᠬᠤᠷᠢᠶᠠᠬᠤ ᠬᠦᠷᠢᠶᠡᠯᠡᠩ ᠳᠤ ᠠᠮᠲᠠᠲᠤ ᠢᠳᠡᠭᠡᠨ᠂ ᠲᠡᠭᠦᠨ ᠬᠤᠷᠢᠶᠠᠬᠤ ᠵᠡᠷᠭᠡ ᠪᠠᠶᠠᠯᠢᠭ ᠠᠭᠤᠯᠭ᠎ᠠ ᠲᠠᠢ ᠬᠦᠳᠡᠯᠭᠡᠭᠡᠨ ᠦᠷᠨᠢᠭᠦᠯᠵᠦ ᠤᠬᠠᠭᠤᠯᠭ᠎ᠠ ᠪᠠᠨ ᠠᠬᠢᠭᠤᠯᠤᠭᠰᠠᠨ ᠠᠴᠠ ᠵᠤᠭᠠᠴᠠᠭᠰᠠᠳ ᠤᠨ  ᠲᠤᠷ᠎ᠠ  ᠪᠠᠭ᠋ᠠᠷᠤᠯ ᠢ ᠲᠠᠲᠠᠵᠠᠢ᠃      ᠭᠤᠷᠪᠠ ᠳᠤ᠂ ᠬᠠᠳᠤᠨ ᠭᠤᠣᠯ ᠳᠠᠭᠠᠤ ᠵᠤᠭᠠᠴᠠᠯ ᠤᠨ ᠤᠷᠤᠨ ᠤ ᠬᠥᠭᠵᠢᠯᠲᠡ ᠶᠢᠨ ᠬᠡᠷᠡᠭᠴᠡᠭᠡ ᠳᠤ ᠳᠣᠭᠢᠷᠬᠠᠰᠠᠨ ᠵᠤᠭᠠᠴᠠᠯ ᠤᠨ ᠨᠡᠷ᠎ᠡ ᠳᠡᠮᠳᠡᠭ ᠠᠭᠠᠵᠢᠮ ᠢᠶᠠᠷ ᠪᠦᠷᠢᠯᠳᠦᠪᠡ᠃ ︽ᠬᠤᠶᠠᠷ ᠣᠷᠣᠨ ᠨᠢᠭᠡ ᠪᠦᠰᠡ ᠨᠢᠭᠡ ᠪᠠᠯᠭᠠᠰᠤ︾ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠣᠯᠤᠨ ᠬᠠᠳᠤᠨ ᠭᠤᠣᠯ ᠳᠠᠭᠠᠤ ᠵᠤᠭᠠᠴᠠᠨ ᠲᠣᠭᠤᠷᠢᠬᠤ ᠠᠵᠤ ᠠᠬᠤᠶ ᠶᠢᠨ ᠪᠦᠰᠡ ᠶᠢᠨ ᠪᠦᠲᠦᠭᠡᠨ ᠪᠠᠶᠢᠭᠤᠯᠤᠯᠲᠠ᠂ ᠬᠠᠲᠤᠨ ᠭᠤᠣᠯ ᠰᠣᠶᠣᠯ ᠤᠨ ᠵᠢᠭᠤᠯᠴᠢᠯᠠᠯ ᠤᠨ ᠨᠠᠶᠢᠷ ᠂ ᠭᠤᠤᠯ ᠭᠡᠰᠦᠯᠳᠡ ᠶᠢᠨ ᠨᠠᠶᠢᠷ ᠵᠡᠷᠭᠡ ᠨᠢ ᠵᠠᠬ᠎ᠠ ᠳᠡᠯᠭᠡᠭᠦᠷ ᠤᠨ ᠬᠦᠭᠵᠢᠯᠳᠡ ᠶᠢ ᠲᠦᠯᠬᠢᠨ ᠠᠬᠢᠭᠤᠯᠵᠤ᠂ ᠲᠤᠭᠳᠠᠬᠤ ᠰᠢᠶᠠᠨ ᠤ ᠵᠢᠭᠤᠯᠴᠢᠯᠠᠯ ᠤᠨ ᠦᠵᠡᠮᠵᠢᠲᠦ ᠣᠷᠣᠨ ᠳᠤ ᠱᠠᠳᠤᠯᠢᠭ ᠮᠠᠶ᠋ᠢᠭ ᠤᠨ ᠬᠦᠭᠵᠢᠯᠳᠡ ᠶᠢᠨ ᠪᠠᠶᠢᠳᠠᠯ ᠢ ᠪᠦᠷᠢᠯᠳᠤᠭᠦᠯᠵᠦ ᠦᠭᠴᠡᠢ᠃ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠳᠠᠬᠢ ᠵᠠᠬ᠎ᠠ ᠳᠡᠯᠭᠡᠭᠦᠷ ᠤᠨ ᠦᠷᠨᠢᠭᠦᠨ ᠪᠤᠯᠤᠭᠰᠠᠨ ᠤ ᠭᠤᠣᠯ ᠰᠢᠯᠲᠠᠭᠠᠨ ᠨᠢ ᠵᠢᠭᠤᠯᠴᠢᠯᠠᠯ ᠤᠨ ᠨᠡᠷ᠎ᠡ ᠳᠡᠮᠳᠡᠭ ᠢ ᠠᠯᠬᠤᠮ ᠠᠯᠬᠤᠮ ᠢᠶᠠᠷ ᠪᠦᠷᠢᠯᠳᠦᠭᠦᠯᠵᠤ ᠴᠢᠳᠠᠭᠰᠠᠨ ᠪᠣᠯ ᠪᠠᠶᠢᠭ᠎ᠠ ᠶᠤᠮ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号