| | | | | | 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠬᠤᠲᠤᠩ ᠠᠷᠠᠳ ᠤᠨ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠶ ᠤᠢ ᠰᠢᠭᠤᠶ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠲᠣᠪᠴᠢᠶᠠᠨ ᠤ ᠪᠦᠬᠦ | ᠺᠠᠳ᠋ᠷ ᠠᠵᠢᠯᠲᠠᠨ ᠠᠵᠢᠯᠴᠢᠨ ᠤ ᠶᠡᠭᠡ ᠬᠤᠷᠠᠯ ᠢ ᠬᠤᠷᠠᠯᠳᠤᠭᠤᠯᠵᠤ᠂︽5.1︾ ᠶᠢᠨ ᠬᠤᠭᠤᠴᠠᠭᠠᠨ ᠳᠠᠬᠢ | ᠰᠠᠬᠢᠯᠭ᠎ᠠ ᠪᠠᠲᠦ ᠶᠢ ᠴᠡᠭᠴᠡᠯᠡᠬᠦ ᠠᠵᠢᠯ ᠢ ᠲᠣᠬᠢᠯᠠᠭᠤᠯᠪᠠ᠃ᠬᠤᠷᠠᠯ ᠠᠴᠠ ᠬᠤᠲᠤᠩ ᠠᠷᠠᠳ ᠰᠠᠬᠢᠯᠭ᠎ᠠ | ᠲᠠᠷᠬᠠᠭᠠᠭᠰᠠᠨ ﹇2018﹈ 5 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ | ᠲᠠᠯᠳᠠ ᠴᠢᠨᠠᠷ ᠲᠠᠢ ᠬᠤᠪᠢᠰᠤᠭᠰᠠᠨ ᠢᠶᠠᠨ ︽ᠳᠥᠷᠪᠡᠨ ᠰᠤᠷᠲᠠᠯ︾ ᠤᠨ ᠠᠰᠠᠭᠤᠳᠠᠯ ᠳᠤ ᠠᠩᠬᠠᠷᠤᠯ | ᠲᠥᠪᠯᠡᠷᠡᠭᠦᠯᠵᠦ᠂ ᠤᠬᠠᠮᠰᠠᠷ ᠠᠴᠠ ᠪᠠᠨ ᠰᠤᠷᠲᠠᠯ ᠢᠶᠠᠨ ᠬᠤᠪᠢᠷᠠᠭᠤᠯᠤᠨ᠂ ︽ᠳᠥᠷᠪᠡᠨ ᠰᠤᠷᠲᠠᠯ︾ ᠢ ᠵᠠᠯᠠᠷᠠᠭᠤᠯᠬᠤ | ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠲᠠᠪᠤ ᠳ᠋ᠤᠭᠠᠷ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠠᠬᠢ | ᠵᠢᠵᠢᠭᠦᠷ ᠢᠶᠠᠨ ᠰᠠᠶᠢᠲᠤᠷ ᠲᠣᠬᠢᠷᠠᠭᠤᠯᠵᠤ᠂ ᠵᠢᠵᠢᠭᠦᠷᠯᠡᠭᠴᠢ ᠪᠠ ᠵᠢᠵᠢᠭᠦᠷ ᠳᠠᠭᠠᠭᠤᠯᠬᠤ ᠤᠳᠤᠷᠢᠳᠤᠯᠭ᠎ᠠ ᠵᠡᠷᠭᠡ ᠪᠦᠬᠦ | ᠠᠵᠢᠯᠳᠠᠳ 24 ᠴᠠᠭ ᠲᠤ ᠠᠵᠢᠯ ᠤᠨ ᠪᠠᠶᠢᠷᠢ ᠳᠤ ᠪᠠᠶᠢᠬᠤ ᠶᠢ ᠪᠠᠲᠤᠯᠠᠵᠤ᠂ ᠲᠡᠭ ᠮᠡᠳᠡᠭᠦᠯᠦᠯᠲᠡ ᠶᠢᠨ | ᠳᠦᠷᠢᠮ ᠢ ᠬᠡᠷᠡᠭᠵᠢᠭᠦᠯᠬᠦ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠬᠥᠮᠦᠰ ᠠᠴᠠ ᠪᠠᠶᠠᠷ ᠳᠤᠷᠠᠰᠬᠠᠯ ᠤᠨ | ᠡᠳᠦᠷ ᠤᠨ ᠬᠤᠭᠤᠴᠠᠭᠠᠨ ᠳᠠᠬᠢ ᠤᠢ ᠰᠢᠭᠤᠶ ᠤᠨ ᠭᠠᠯ ᠰᠡᠷᠭᠡᠶᠢᠯᠡᠬᠦ ᠂ ᠮᠠᠯ ᠵᠢᠭᠦᠷᠲᠡᠨ ᠤ ᠪᠦᠲᠦᠭᠡᠭᠳᠡᠬᠦᠨ ᠤ | ᠠᠶᠤᠯᠭᠦᠶ ᠪᠠᠶᠢᠬᠤ ᠪᠠ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ | ᠬᠡᠷᠡᠭᠲᠡᠶ ᠭᠡᠵᠠᠢ᠃ | | | |