ᠦᠪᠦᠷ ᠮᠤᠩᠭᠤᠯ ᠤᠨ ᠮᠤᠩᠭᠤᠯ ᠦᠬᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠯᠳᠠ ᠶᠢᠨ ᠰᠢᠨᠵᠢᠯᠡᠬᠡᠨ ᠤ ᠨᠡᠶᠢᠬᠡᠮᠯᠢᠭ ᠬᠦᠬᠡᠬᠤᠳᠠ ᠳᠤ ᠠᠯᠪᠠᠨ ᠶᠤᠰᠤᠭᠠᠷ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2018-05-04
     ᠰᠢᠨᠬᠤᠸᠠ ᠮᠤᠩᠭᠤᠯ ᠨᠧᠲ ᠬᠦᠬᠡᠬᠤᠳᠠ ᠶᠢᠨ 5 ᠰᠠᠷ᠎ᠠ ᠶᠢᠨ 2 ᠤᠨ ᠡᠳᠤᠷ ᠤᠨ ᠴᠠᠬᠢᠯᠭᠠᠨ ᠮᠡᠳᠡᠭᠡ ︵ᠪᠠᠢ ᠯᠢᠩ ᠳ᠋ᠢ︶ 2 ᠤᠨ ᠡᠳᠤᠷ᠂ ᠦᠪᠦᠷ ᠮᠤᠩᠭᠤᠯ ᠤᠨ ᠮᠤᠩᠭᠤᠯ ᠦᠬᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠯᠳᠠ ᠶᠢᠨ ᠰᠢᠨᠵᠢᠯᠡᠬᠡᠨ ᠤ ᠨᠡᠶᠢᠬᠡᠮᠯᠢᠭ ᠬᠦᠬᠡᠬᠤᠳᠠ ᠳᠤ ᠠᠯᠪᠠᠨ ᠶᠤᠰᠤᠭᠠᠷ ᠪᠠᠶᠢᠭᠤᠯᠤᠭᠳᠠᠯ᠎ᠠ᠃
     ᠤᠶᠢᠯᠠᠭᠠᠭᠰᠠᠨ ᠢᠶᠠᠷ᠂ ᠳᠤᠰ ᠨᠡᠶᠢᠬᠡᠮᠯᠢᠭ ᠨᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠤᠰᠦᠳᠡᠨ ᠤ ᠬᠡᠷᠡᠭ ᠡᠷᠬᠢᠯᠡᠬᠦ ᠵᠦᠪᠯᠡᠯ ᠤᠨ ᠤᠳᠤᠷᠢᠳᠤᠯᠭ᠎ᠠ ᠪᠠᠷ ᠦᠨᠳᠤᠰᠦᠳᠡᠨ ᠤ ᠦᠬᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠯᠳᠠ ᠶᠢᠨ ᠬᠤᠯᠪᠤᠭᠠᠲᠠᠢ ᠰᠤᠳᠤᠯᠭᠠᠨ ᠪᠤᠯᠤᠨ ᠠᠵᠤ ᠠᠬᠤᠶᠢᠵᠢᠯᠳᠠ ᠶᠢᠨ ᠲᠤᠭᠤᠷᠢᠨ ᠳᠤ ᠠᠵᠢᠯ ᠦᠷᠨᠢᠬᠦᠯᠵᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠨᠢᠭᠡᠳᠤᠯᠲᠡᠢ ᠬᠠᠮᠢᠶᠠᠷᠤᠨ᠎ᠠ᠃
     ᠲᠤᠰ ᠨᠡᠶᠢᠬᠡᠮᠯᠢᠭ ᠨᠢ ᠲᠤᠰᠬᠠᠢ ᠮᠡᠷᠬᠡᠵᠢᠯ ᠤᠨ ᠰᠤᠳᠤᠯᠭᠠᠳᠠᠳ᠂ ᠠᠵᠤ ᠦᠢᠯᠡᠰ ᠡᠷᠬᠢᠯᠡᠭᠴᠢᠳ ᠪᠤᠯᠤᠨ ᠬᠤᠯᠪᠤᠭᠳᠠᠯ ᠪᠦᠬᠦᠢ ᠪᠠᠶᠢᠭᠤᠯᠤᠯᠭ᠎ᠠ ᠶᠢᠨ ᠰᠠᠶᠢᠨ ᠲᠤᠷ᠎ᠠ ᠶᠢᠨ ᠤᠷᠤᠯᠴᠠᠭ᠎ᠠ ᠲᠠᠢ ᠪᠠᠷ ᠪᠠᠶᠢᠭᠤᠯᠤᠭᠳᠠᠭᠰᠠᠨ ᠡᠷᠳᠡᠮ ᠰᠢᠨᠵᠢᠯᠡᠬᠡᠨ ᠤ ᠰᠢᠨᠵᠢᠲᠠᠢ ᠠᠰᠢᠭ ᠤᠨ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠪᠤᠯᠬᠤ ᠶᠤᠮ᠃ ᠳᠤᠰ ᠨᠡᠶᠢᠬᠡᠮᠯᠢᠭ ᠤᠨ ᠮᠤᠩᠭᠤᠯ ᠦᠬᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠯᠳᠠ ᠨᠢ ᠭᠤᠤᠯᠳᠠᠭᠤ ᠬᠤᠳᠤᠮ ᠮᠤᠩᠭᠤᠯ ᠦᠰᠦᠭ ᠠᠴᠠ ᠭᠠᠳᠠᠨ᠎ᠠ ᠲᠤᠳᠤ ᠮᠤᠩᠭᠤᠯ᠂ ᠤᠶᠢᠭᠤᠷᠵᠢᠨ ᠮᠤᠩᠭᠤᠯ᠂ ᠮᠠᠨᠵᠤ᠂ ᠰᠢᠪᠡᠭᠡ ᠵᠡᠷᠬᠡ ᠦᠰᠦᠭ ᠪᠢᠴᠢᠭ ᠤᠨ ᠲᠤᠭᠤᠷᠢᠨ ᠳᠤ ᠮᠡᠳᠡᠭᠡ ᠵᠠᠩᠬᠢ ᠰᠢᠢᠳᠪᠦᠷᠢᠯᠡᠬᠦ  ᠪᠤᠯᠤᠨ ᠰᠤᠹᠲ ᠨᠡᠬᠡᠬᠡᠬᠦ ᠲᠤᠬᠠᠢ ᠰᠢᠨᠵᠢᠯᠡᠬᠦ ᠤᠬᠠᠭᠠᠨ ᠮᠡᠷᠬᠡᠵᠢᠯ ᠤᠨ ᠮᠡᠳᠡᠯᠬᠡ ᠤᠯᠠᠮᠵᠢᠯᠠᠬᠤ ᠶᠢᠨ ᠬᠠᠮᠳᠤ ᠮᠡᠳᠡᠭᠡ ᠵᠠᠩᠬᠢ ᠬᠤᠪᠢᠶᠠᠯᠴᠠᠬᠤ ᠲᠠᠪᠴᠠᠩ ᠪᠠᠶᠢᠭᠤᠯᠬᠤ ᠲᠠᠯ᠎ᠠ ᠪᠠᠷ ᠠᠵᠢᠯ ᠦᠷᠨᠢᠬᠦᠯᠦᠨ᠎ᠡ᠃
     ︽ᠨᠡᠶᠢᠬᠡᠮᠯᠢᠭ ᠠᠴᠠ ᠮᠤᠩᠭᠤᠯ ᠦᠬᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠯᠳᠠ ᠶᠢᠨ ᠬᠤᠷᠠᠯ ᠡᠷᠬᠢᠯᠡᠬᠦ ᠵᠡᠷᠬᠡ ᠠᠷᠭ᠎ᠠ ᠪᠠᠷ ᠲᠠᠮᠵᠢᠨ ᠮᠤᠩᠭᠤᠯ ᠦᠬᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠯᠳᠠ ᠶᠢᠨ ᠦᠢᠯᠡᠳᠬᠦ᠂ ᠰᠤᠷᠤᠯᠴᠠᠬᠤ᠂ ᠰᠤᠳᠤᠯᠬᠤ᠂ ᠠᠰᠢᠭᠯᠠᠬᠤ᠂ ᠵᠠᠰᠠᠭ ᠤᠨ ᠳᠠᠯ᠎ᠠ ᠠᠴᠠ ᠳᠡᠮᠵᠢᠬᠦ ᠵᠡᠷᠬᠡ ᠳᠠᠯ᠎ᠠ ᠶᠢᠨ ᠬᠠᠷᠢᠴᠠᠭ᠎ᠠ ᠶᠢ ᠵᠤᠬᠢᠴᠠᠭᠤᠯᠤᠨ᠂ ᠨᠡᠶᠢᠬᠡᠮ ᠤᠨ ᠡᠯ᠎ᠡ ᠲᠠᠯ᠎ᠠ ᠶᠢᠨ ᠤᠶᠢᠯᠠᠭᠠᠯᠴᠠᠯ ᠪᠤᠯᠤᠨ ᠲᠠᠨᠢᠯᠳᠠ᠂ ᠲᠡᠮᠵᠢᠯᠬᠡ ᠶᠢ ᠬᠦᠷᠳᠡᠵᠤ᠂ ᠮᠤᠩᠭᠤᠯ ᠦᠬᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠯᠳᠠ ᠶᠢᠨ ᠡᠷᠳᠡᠮ ᠰᠢᠨᠵᠢᠯᠡᠬᠡᠨ ᠤ ᠰᠤᠳᠤᠯᠭᠠᠨ ᠪᠤᠯᠤᠨ ᠠᠵᠤ ᠦᠢᠯᠡᠰ ᠤᠨ ᠰᠤᠷᠳᠠᠯᠴᠢᠯᠠᠭᠠᠨ ᠤ ᠨᠡᠶᠢᠬᠡᠮ ᠤᠨ ᠬᠠᠮᠳᠤᠷᠠᠯᠴᠠᠭ᠎ᠠ ᠶᠢ ᠠᠬᠢᠭᠤᠯᠤᠨ᠎ᠠ᠃ ᠵᠠᠷᠢᠮ ᠠᠵᠢᠯ ᠳᠦᠷᠦᠯ ᠪᠤᠯᠤᠨ ᠨᠡᠶᠢᠬᠡᠮᠯᠢᠭ ᠤᠨ ᠡᠬᠦᠷᠬᠡ ᠬᠠᠷᠢᠭᠤᠴᠠᠯᠭ᠎ᠠ ᠶᠢ ᠰᠦᠪᠡᠭᠴᠢᠯᠡᠵᠤ᠂ ᠠᠵᠢᠯ ᠳᠦᠷᠦᠯ ᠤᠨ ᠬᠢᠵᠠᠭᠠᠷᠳᠠᠮᠠᠯ ᠳᠤᠭᠳᠠᠯᠴᠠᠭ᠎ᠠ ᠶᠢ ᠲᠡᠬᠦᠯᠳᠡᠷᠵᠢᠬᠦᠯᠦᠨ᠎ᠡ︾ ᠬᠡᠵᠤ ᠦᠪᠦᠷ ᠮᠤᠩᠭᠤᠯ ᠤᠨ ᠮᠤᠩᠭᠤᠯ ᠦᠬᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠯᠳᠠ ᠶᠢᠨ ᠰᠢᠨᠵᠢᠯᠡᠬᠡᠨ ᠤ ᠨᠡᠶᠢᠬᠡᠮᠯᠢᠭ ᠤᠨ ᠲᠠᠷᠤᠭ᠎ᠠ ᠪᠠᠢ ᠱᠤᠸᠠᠩ ᠴᠧᠩ ᠶᠠᠷᠢᠨ᠎ᠠ᠃
 
ᠢᠷᠡᠯᠲᠡ᠄ ᠰᠢᠨᠬᠤᠸᠠ ᠮᠤᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号