ᠬᠥᠬᠡᠬᠤᠲᠠ ᠶᠢᠨ ᠰᠢᠮᠳᠠᠭᠤᠯᠣᠨ ᠵᠢᠯᠣᠭᠤᠳᠬᠤ ᠭᠤᠷᠪᠠᠳᠤᠭᠠᠷ ᠳᠤᠭᠤᠶᠢᠯᠠᠩ ᠤᠨ ᠠᠶᠤᠯᠭᠦᠶ | ᠦᠢᠯᠡᠳᠪᠦᠷᠢᠯᠡᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠬᠢᠨᠠᠨ ᠪᠠᠶᠢᠴᠠᠭᠠᠬᠤ ᠰᠠᠯᠠᠭᠠᠨ ᠤ ᠳᠡᠳ᠋ ᠳᠠᠷᠤᠭ᠎ᠠ ᠶᠠᠩ | ᠵᠢᠶᠧ ᠲᠣᠰ ᠠᠵᠢᠯ ᠲᠦᠷᠦᠯ ᠤᠨ ᠬᠢᠨ ᠲᠦᠷᠪᠡᠨ ᠬᠥᠮᠦᠨ ᠪᠠᠷ ᠪᠦᠷᠢᠯᠳᠦᠭᠰᠡᠨ ᠪᠠᠶᠢᠴᠠᠭᠠᠬᠤ ᠳᠤᠭᠤᠶᠢᠯᠠᠩ ᠢ | ᠳᠠᠭᠠᠭᠤᠯᠵᠣ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠠᠶᠤᠯᠭᠦᠶ ᠦᠢᠯᠡᠳᠪᠦᠷᠢᠯᠡᠯ ᠤᠨ | ᠠᠵᠢᠯ ᠤᠨ ᠰᠢᠨ᠎ᠡ ᠬᠤᠲᠠ ᠲᠣᠭᠤᠷᠢᠭ ᠲᠤ 3 ᠡᠳᠦᠷ ᠤᠨ ᠬᠤᠭᠤᠴᠠᠭ᠎ᠠ ᠲᠠᠢ ᠲᠤᠰᠬᠠᠶ ᠠᠵᠢᠯ ᠳᠤ ᠬᠢᠨᠠᠨ | ᠪᠠᠶᠢᠴᠠᠭᠠᠵᠤ ᠵᠢᠯᠤᠭᠤᠳᠴᠠᠢ᠃ ᠰᠢᠨ᠎ᠡ ᠬᠤᠲᠠ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠲᠠᠯᠪᠢᠬᠤ | ᠲᠣᠪᠴᠢᠶᠠᠨ ᠳᠠᠷᠤᠭ᠎ᠠ ᠵᠠᠩ ᠾᠦᠢ ᠮᠢᠩ ᠠᠵᠢᠯ ᠤᠨ ᠬᠠᠷᠢᠭᠤ ᠮᠡᠳᠡᠭᠦᠯᠦᠯᠲᠡ ᠬᠢᠵᠤ᠂ ᠪᠦᠬᠦ ᠤᠯᠤᠰ ᠤᠨ ︽ | ᠬᠤᠶᠠᠷ ᠬᠤᠷᠠᠯ︾ ᠤᠨ ᠬᠤᠭᠤᠴᠠᠭᠠᠨ ᠳᠤ ᠰᠢᠨ᠎ᠡ ᠬᠤᠲᠠ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ | ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ᠂ ᠲᠤᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠲᠠᠯᠪᠢᠬᠤ | ᠲᠣᠪᠴᠢᠶ᠎ᠠ ᠶᠢᠨ ᠶᠡᠷᠦᠩᠬᠡᠶ ᠢᠨᠵᠧᠨᠧᠷ ᠯᠢ ᠶᠦᠩ ᠰᠢᠨ᠎ᠡ ᠬᠤᠲᠠ ᠲᠣᠭᠤᠷᠢᠭ ᠤᠨ ᠳ᠋ᠠᠩ ᠢᠰᠦᠯ ᠳᠤ | ᠬᠤᠣᠷᠳᠠᠭᠳᠠᠬᠤ ᠶᠢ ᠤᠷᠢᠳᠴᠢᠯᠠᠨ ᠰᠡᠷᠭᠡᠶᠢᠯᠡᠬᠦ ᠪᠠ ᠭᠠᠯ ᠤᠨ ᠠᠶᠤᠯ ᠠᠴᠠ ᠰᠡᠷᠭᠡᠶᠢᠯᠡᠬᠦ ᠲᠤᠰᠬᠠᠶ ᠴᠡᠭᠴᠡᠯᠡᠯᠲᠡ᠂ | ᠠᠵᠤ ᠦᠢᠯᠡᠳᠪᠦᠷᠢ ᠠᠷᠠᠯᠵᠢᠶᠠᠨ ᠤ ᠠᠵᠢᠯ ᠲᠦᠷᠤᠯ ᠤᠨ ᠬᠤᠯᠪᠣᠭᠳᠠᠯ ᠪᠦᠭᠦᠢ ᠠᠵᠤ ᠠᠬᠤᠶᠢᠯᠠᠯ ᠤᠨ ᠤᠬᠠᠭᠤᠯᠤᠨ | ᠳᠠᠶᠢᠴᠢᠯᠠᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠂ ᠡᠯ᠎ᠡ ᠵᠦᠢᠯ ᠤᠨ ᠬᠡᠷᠡᠭ ᠤᠴᠢᠷ ᠭᠠᠷᠬᠤ ᠶᠢ | ᠰᠡᠷᠭᠡᠶᠢᠯᠡᠬᠦ᠂ ᠢᠳᠡᠭᠡᠨ ᠤᠮᠳᠠᠭᠠᠨ᠂ ᠪᠠᠭᠤᠳᠠᠯ ᠵᠡᠷᠭᠡ ᠠᠵᠤ ᠠᠬᠤᠶᠢᠯᠠᠯ ᠤᠨ ᠠᠶᠤᠯ ᠥᠭᠡᠢ ᠦᠢᠯᠡᠳᠪᠦᠷᠢᠯᠡᠯ ᠳᠤ | ᠶᠡᠭᠡ ᠪᠠᠶᠢᠴᠠᠭᠠᠯᠲᠠ ᠬᠢᠭᠰᠡᠨ ᠵᠡᠷᠭᠡ ᠲᠤᠰᠬᠠᠶ ᠠᠵᠢᠯᠯᠠᠭ᠎ᠠ ᠬᠢᠭᠡᠳ ᠣᠯᠤᠭᠰᠠᠨ ᠦᠷ᠎ᠡ ᠪᠦᠲᠦᠭᠡᠯ ᠢ ᠨᠠᠷᠢᠨ ᠬᠠᠷᠢᠭᠤ | ᠮᠡᠳᠡᠭᠦᠯᠦᠯᠲᠡ ᠬᠢᠵᠦ᠂ ᠪᠠᠶᠢᠴᠠᠭᠠᠬᠤ ᠳᠤᠭᠤᠶᠢᠯᠠᠩ ᠨᠢ ᠰᠢᠨ᠎ᠡ ᠬᠤᠲᠠ ᠲᠣᠭᠤᠷᠢᠭ ᠤᠨ ᠠᠶᠤᠯᠭᠦᠶ | ᠦᠢᠯᠡᠳᠪᠦᠷᠢᠯᠡᠯ ᠤᠨ ᠨᠠᠷᠢᠨ ᠲᠣᠳᠣᠷᠬᠠᠶ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠭᠰᠡᠨ ᠪᠠᠶᠢᠨ᠎ᠠ᠃ | ᠬᠤᠷᠠᠯ ᠤᠨ ᠳᠠᠷᠠᠭ᠎ᠠ᠂ ᠲᠣᠪᠴᠢᠶᠠᠨ ᠳᠠᠷᠤᠭ᠎ᠠ ᠵᠠᠩ ᠾᠦᠢ ᠮᠢᠩ ᠵᠢᠴᠢ ᠠᠶᠤᠯᠭᠦᠶ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠺᠠᠳ᠋ᠷ ᠬᠠᠮᠲᠤ ᠪᠠᠷ ᠥᠪᠥᠷ ᠮᠣᠩᠭᠤᠯ ᠤᠨ ᠬᠡᠷᠡᠯ ᠴᠠᠬᠢᠯᠭᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢ ᠯᠢᠨ ᠢᠳᠡᠭᠡᠨ ᠤ ᠬᠢᠵᠠᠭᠠᠷᠲᠤ ᠺᠣᠮᠫᠠᠨᠢ ᠵᠡᠷᠭᠡ | ᠤᠯᠡᠠ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ ᠪᠠᠶᠢᠴᠠᠭᠠᠵᠣ᠂ | ᠦᠢᠯᠡᠳᠪᠦᠷᠢᠯᠡᠯ ᠤᠨ ᠲᠠᠰᠤᠭ ᠤᠨ ᠦᠢᠯᠡᠳᠪᠦᠷᠢᠯᠡᠯ ᠤᠨ ᠱᠤᠭᠤᠮ ᠵᠢᠴᠢ ᠳᠠᠩᠰᠠ ᠡᠪᠬᠡᠮᠡᠯ ᠤᠨ ᠮᠠᠲ᠋ᠧᠷᠢᠶᠠᠯ ᠢ | ᠪᠠᠶᠢᠴᠠᠭᠠᠨ ᠦᠵᠡᠵᠦ ᠲᠤᠬᠠᠢ ᠶᠢᠨ ᠪᠠᠶᠢᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠢ ᠯᠢᠨ ᠢᠳᠡᠭᠡᠨ ᠤ | ᠬᠢᠵᠠᠭᠠᠷᠲᠤ ᠺᠣᠮᠫᠠᠨᠢ ᠳᠤ ᠲᠤᠬᠠᠶ ᠶᠢᠨ ᠲᠠᠯᠠᠪᠤᠷ ᠲᠤ ᠠᠰᠠᠭᠤᠳᠠᠯ ᠢ ᠳᠤᠷᠠᠳᠤᠨ ᠭᠠᠷᠭᠠᠵᠤ᠂ ᠦᠢᠯᠡᠳᠪᠦᠷᠢ ᠶᠢᠨ | ᠲᠠᠰᠤᠭ ᠤᠨ ᠱᠤᠭᠤᠮ ᠤᠨ ᠰᠠᠯᠬᠢ ᠨᠡᠪᠲᠡᠷᠡᠬᠦ ᠰᠢᠰᠲ᠋ᠧᠮ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ | ᠵᠠᠰᠠᠵᠣ᠂ ᠭᠠᠯ ᠰᠡᠷᠭᠡᠶᠢᠯᠡᠨ ᠤᠨᠲᠠᠷᠠᠭᠠᠬᠤ ᠪᠡᠯᠡᠳᠬᠡᠯ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠨ᠂ ᠲᠣᠭᠤᠰᠣ ᠠᠷᠢᠯᠭᠠᠬᠤ ᠲᠥᠬᠦᠭᠡᠷᠦᠮᠵᠢ ᠶᠢ ᠪᠠᠶᠢᠴᠠᠭᠠᠬᠤ ᠵᠡᠷᠭᠡ ᠬᠡᠳᠤᠨ ᠠᠮᠤᠷ ᠲᠦᠪᠰᠢᠨ ᠪᠤᠰᠤ | ᠲᠠᠯᠳᠠ ᠭᠡᠮ ᠢ ᠲᠣᠭᠲᠠᠭᠰᠠᠨ ᠬᠤᠭᠤᠴᠠᠭᠠᠨ ᠤ ᠳᠣᠲᠣᠷ᠎ᠠ ᠴᠡᠭᠴᠡᠯᠡᠵᠦ ᠥᠭᠡᠷᠡᠴᠢᠯᠡᠬᠦ ᠬᠡᠷᠡᠭᠲᠡᠶ ᠭᠡᠵᠦ ᠱᠠᠭᠠᠷᠳᠠᠵᠠᠢ᠃ | | | |