ᠬᠦᠬᠡᠬᠤᠲᠠ ᠶᠢᠨ ᠵᠢᠯᠣᠭᠤᠴᠢ ᠶᠢᠨ ᠰᠢᠯᠭᠠᠯᠲᠠ ᠶᠢᠨ ᠲᠥᠪ ᠰᠢᠯᠭᠠᠯᠲᠠ ᠶᠢᠨ ᠬᠢᠨᠠᠨ ᠬᠠᠮᠢᠶᠠᠷᠣᠯᠲᠠ ᠶᠢᠨ ᠴᠣᠪᠣᠷᠠᠯ ᠢ  ᠪᠦᠬᠦ ᠲᠠᠯ᠎ᠠ ᠪᠠᠷ ᠡᠮᠬᠢᠯᠡᠪᠡ
ᠨᠡᠶᠢᠲᠡᠯᠡᠭᠰᠡᠨ ᠴᠠᠭ᠄
2018-05-07
      ᠲᠦᠷᠦᠭᠦᠬᠡᠨ᠂ ᠰᠣᠷᠪᠣᠯᠵᠢᠯᠠᠭᠴᠢ ᠬᠦᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠪᠣᠷᠢ ᠠᠩᠭᠢ  ᠵᠢᠨ‌ᠵᠢᠯᠣᠭᠤᠴᠢ ᠶᠢᠨ ᠰᠢᠯᠭᠠᠯᠲᠠ ᠶᠢᠨ ᠲᠥᠪ ᠠᠴᠠ ᠣᠶᠢᠯᠭᠠᠭᠰᠠᠨ ᠢᠶᠠᠷ᠂ ᠵᠢᠯᠣᠭᠤᠴᠢ ᠶᠢᠨ ᠰᠢᠯᠭᠠᠯᠲᠠ  ᠶᠢᠨ ᠠᠵᠢᠯ   ᠤᠨ  ᠳᠣᠮᠳᠠ‌ᠢᠯᠡᠷᠡᠭᠰᠡᠨ ᠠᠰᠠᠭᠤᠳᠠᠯ ᠢ ᠠᠷᠭᠠᠴᠠᠬᠤ ᠪᠠᠷ᠂ ᠬᠦᠬᠡᠬᠤᠲᠠ ᠶᠢᠨ ᠵᠢᠯᠣᠭᠤᠴᠢ ᠶᠢᠨ ᠲᠥᠪ ᠰᠢᠯᠭᠠᠯᠲᠠ ᠶᠢᠨ  ᠬᠠᠮᠢᠶᠠᠷᠣᠯᠲᠠ  ᠵᠢᠨ‌ᠠᠵᠢᠯ ᠤᠨ ᠴᠣᠪᠣᠷᠠᠯ ᠳᠤ ᠪᠦᠬᠦ ᠲᠠᠯ᠎ᠠ ᠶᠢᠨ ᠡᠮᠬᠢᠯᠡᠯᠲᠡ ᠬᠢᠵᠦ᠂ ᠬᠢᠨᠠᠨ ᠬᠠᠮᠢᠶᠠᠷᠣᠯᠲᠠ   ᠶᠢᠨ  ᠦᠷ᠎ᠡ  ᠪᠦᠲᠦᠮᠵᠢ   ᠶᠢ  ᠪᠦᠬᠦ ᠬᠦᠴᠦᠨ ᠢᠶᠠᠷ ᠢᠶᠠᠨ ᠪᠠᠲᠣᠯᠠᠵᠠᠢ᠃              ᠣᠶᠢᠯᠭᠠᠭᠰᠠᠨ ᠢᠶᠠᠷ᠂ 2013 ᠣᠨ ᠠᠴᠠ ᠨᠠᠰᠢ᠂ ᠬᠦᠬᠡᠬᠤᠲᠠ ᠶᠢᠨ ᠨᠡᠶᠢᠭᠡᠮᠴᠢᠯᠡᠭᠰᠡᠨ ᠰᠢᠯᠭᠠᠯᠲᠠ   ᠶᠢᠨ  ᠲᠠᠯᠠᠪᠠᠢ ᠶᠢᠨ ᠲᠤᠭ᠎ᠠ ᠬᠡᠮᠵᠢᠶ᠎ᠡ ᠲᠠᠰᠣᠷᠠᠯᠲᠠ ᠦᠭᠡᠢ ᠨᠡᠮᠡᠭᠳᠡᠵᠦ᠂  ᠰᠢᠯᠭᠠᠯᠲᠠ   ᠶᠢᠨ  ᠴᠢᠳᠠᠪᠣᠷᠢ  ᠳᠡᠭᠡᠭᠰᠢᠯᠡᠭᠦᠯᠭᠦ᠂  ᠰᠢᠯᠭᠠᠯᠲᠠ  ᠵᠢᠨ‌ᠬᠤᠷᠠᠮᠳᠤᠯ ᠤᠨ ᠲᠠᠷᠤᠯᠲᠠ ᠶᠢ ᠨᠠᠮᠲᠠᠭᠠᠬᠤ ᠲᠠᠯ᠎ᠠ ᠳᠤ ᠢᠳᠡᠪᠬᠢᠲᠠᠢ ᠦᠢᠯᠡᠳᠦᠯ ᠢ ᠪᠠᠳᠠᠷᠠᠭᠤᠯᠵᠠᠢ ᠃ ᠭᠡᠲᠡᠯ᠎ᠡ  ᠰᠢᠯᠭᠠᠯᠲᠠ  ᠵᠢᠨ‌‍ᠲ᠋ᠣᠮᠳᠠᠬᠢ ᠳᠣᠪᠣᠶᠢᠮ᠎ᠠ ᠠᠰᠠᠭᠤᠳᠠᠯ ᠢ ᠪᠠᠰᠠ ᠣᠮᠳᠣᠭᠠᠶᠢᠯᠠᠵᠣ ᠪᠣᠯᠬᠤ ᠦᠭᠡᠢ᠃ ᠭᠤᠣᠯ ᠢᠯᠡᠷᠡᠯ ᠨᠢ ᠭᠡᠪᠡᠯ᠄  ᠨᠢᠭᠡᠳᠦᠭᠡᠷ   ᠲᠤ ᠪᠣᠯ ᠰᠢᠯᠭᠠᠯᠲᠠ ᠶᠢᠨ ᠦᠵᠦᠭᠦᠷᠯᠢᠭ ᠤᠨ ᠠᠮᠣᠷ ᠲᠦᠪᠰᠢᠨ ᠤ ᠬᠠᠮᠠᠭᠠᠯᠠᠯᠲᠠ ᠶᠢᠨ  ᠳᠣᠭᠲᠠᠴᠠ  ᠳᠡᠶᠢᠮᠦ  ᠲᠡᠭᠦᠯᠲᠡᠷ  ᠪᠢᠰᠢ᠂ ᠭᠠᠳᠠᠭᠠᠳᠣ ᠸᠢᠷᠦ᠋ᠰ ᠤᠨ ᠬᠠᠯᠳᠠᠪᠣᠷᠢᠯᠠᠯ᠂ ᠰᠦᠯᠵᠢᠶᠡᠨ ᠤ ᠲᠠᠭᠠᠷᠢᠯᠲᠠ᠂ ᠨᠢᠭᠤᠴᠠ ᠨᠣᠮᠧᠷ ᠤᠨ ᠭᠡᠭᠡᠭᠳᠡᠯ ᠵᠡᠷᠭᠡ  ᠳᠠᠯᠳᠠ  ᠭᠡᠮ‌ᠣᠷᠣᠰᠢᠵᠣ ᠪᠣᠢ︔ ᠬᠤᠶᠠᠳᠣᠭᠠᠷ ᠲᠤ ᠪᠣᠯ ᠰᠢᠯᠭᠠᠯᠲᠠ ᠶᠢᠨ ᠲᠠᠯᠠᠪᠠᠢ ᠶᠢᠨ ᠰᠢᠯᠭᠠᠯᠲᠠ   ᠶᠢᠨ  ᠵᠦᠭᠡᠯᠡᠨ  ᠲᠣᠨᠤᠭ   ᠤᠨ  ᠬᠡᠪ ᠨᠢᠭᠡᠳᠦᠯ ᠦᠭᠡᠢ᠂ ᠰᠢᠯᠭᠠᠯᠲᠠ ᠶᠢᠨ ᠴᠣᠪᠣᠷᠠᠯ᠂ ᠦᠨᠡᠯᠡᠯᠲᠡ ᠶᠢᠨ ᠪᠠᠷᠢᠮᠵᠢᠶ᠎ᠠ ᠨᠢᠭᠡᠲᠦᠯ ᠦᠭᠡᠢ ᠠᠰᠠᠭᠤᠳᠠᠯ ᠣᠷᠣᠰᠢᠵᠣ ᠪᠣᠢ︔ ᠭᠤᠷᠪᠠᠳᠣᠭᠠᠷ ᠲᠤ ᠪᠣᠯ ᠰᠢᠯᠭᠠᠯᠲᠠ ᠶᠢᠨ ᠳ᠋ᠠᠶᠢᠲ᠋ᠠ ᠶᠢᠨ ᠬᠥᠮᠦᠷᠭᠡ ᠶᠢᠨ ᠠᠮᠣᠷ ᠲᠦᠪᠰᠢᠨ ᠤ ᠬᠠᠮᠢᠶᠠᠷᠣᠯᠲᠠ   ᠶᠢᠨ  ᠳᠣᠭᠲᠠᠴᠠ‌‍ᠲ᠋ᠡᠭᠦᠯᠲᠡᠷᠵᠢᠭᠰᠡᠨ ᠦᠭᠡᠢ᠂ ᠲᠤᠭ᠎ᠠ ᠪᠠᠷᠢᠮᠲᠠ ᠶᠢᠨ ᠬᠠᠯᠠᠬᠲᠠᠬᠤ᠂ ᠬᠠᠰᠣᠭᠳᠠᠬᠤ᠂ ᠳᠠᠷᠣᠮᠯᠠᠭᠳᠠᠬᠤ  ᠵᠡᠷᠭᠡ  ᠠᠶᠣᠯ  ᠣᠷᠣᠰᠢᠵᠣ ᠪᠣᠢ︔ ᠲᠦᠷᠪᠡᠳᠦᠭᠡᠷ ᠲᠤ ᠣᠯᠠᠮᠵᠢᠯᠠᠯᠲᠣ ᠬᠤᠷᠣᠭᠤᠨ ᠣᠷᠣᠮ ᠤᠨ ᠪᠡᠶ᠎ᠡ ᠶᠢᠨ ᠬᠢᠷᠢ ᠬᠡᠮ   ᠤᠨ  ᠰᠢᠯᠭᠠᠨ  ᠪᠠᠲᠣᠯᠠᠯᠲᠠ  ᠵᠢᠨ‌ᠠᠷᠭ᠎ᠠ ᠮᠠᠶ᠋ᠢᠭ ᠭᠠᠳᠠᠭᠠᠳᠣ ᠣᠷᠴᠢᠨ ᠤ ᠨᠥᠯᠦᠭᠡ ᠶᠢ ᠬᠦᠷᠲᠡᠬᠦ ᠨᠢ  ᠶᠡᠭᠡ᠂  ᠲᠠᠨᠢᠨ  ᠢᠯᠭᠠᠬᠤ  ᠨᠣᠷᠮ᠎ᠠ  ᠳᠣᠣᠷ᠎ᠠ  ᠪᠦᠭᠡᠳ‌‍ᠬᠢᠯᠪᠠᠷᠬᠠᠨ ᠳᠠᠷᠣᠮᠠᠯᠯᠠᠭᠳᠠᠬᠤ᠂ ᠬᠤᠯᠠᠭᠠᠶᠢᠯᠠᠭᠳᠠᠬᠤ ᠪᠤᠶᠤ ᠣᠷᠣᠯᠠᠭᠳᠠᠨ᠎ᠠ︔ ᠲᠠᠪᠣᠳᠣᠭᠠᠷ ᠲᠤ  ᠪᠣᠯ  ᠵᠠᠷᠢᠮ  ᠰᠢᠯᠭᠠᠯᠲᠠ  ᠵᠢᠨ‌‍ᠲ᠋ᠠᠯᠠᠪᠠᠢ ᠠᠰᠢᠭ ᠬᠦᠷᠲᠡᠬᠦ ᠡᠭᠦᠳᠡᠨ ᠠᠴᠠ ᠰᠠᠨᠠᠭᠠᠴᠢᠯᠭ᠎ᠠ   ᠲᠠᠢ   ᠪᠠᠷ  ᠵᠣᠷᠢᠭᠤᠳᠠ  ᠳᠠᠯᠳᠠᠯᠠᠨ  ᠬᠠᠯᠬᠠᠯᠠᠬᠤ᠂  ᠳᠡᠯᠭᠡᠴᠡ   ᠶᠢ ᠬᠠᠷᠠᠯᠠᠭᠤᠯᠬᠤ᠂ ᠴᠠᠬᠢᠯᠭᠠᠨ ᠲᠠᠰᠣᠯᠠᠬᠤ ᠵᠡᠷᠭᠡ ᠪᠠᠶᠢᠳᠠᠯ ᠭᠠᠷᠭᠠᠵᠣ᠂ ᠳᠠᠭᠤ ᠲᠦᠷᠰᠦ ᠰᠢᠩᠭᠡᠭᠡᠯᠲᠡ ᠤᠨ ᠬᠢᠨᠠᠨ ᠡᠵᠡᠮᠳᠡᠬᠦ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠲᠡᠭᠦᠯᠲᠡᠷ ᠦᠬᠡᠢ᠂ ᠳᠣᠲᠣᠷᠬᠠᠢ ᠦᠭᠡᠢ᠂ ᠬᠠᠳᠠᠭᠠᠯᠠᠬᠤ ᠱᠠᠭᠠᠷᠳᠠᠯᠭ᠎ᠠ ᠳᠤ ᠬᠦᠷᠬᠦ  ᠦᠭᠡᠢ ᠪᠣᠯᠭᠠᠳᠠᠭ᠃              ᠡᠭᠦᠨ ᠳᠤ᠂ ᠬᠦᠬᠡᠬᠤᠲᠠ ᠶᠢᠨ ᠵᠢᠯᠣᠭᠤᠴᠢ ᠶᠢᠨ ᠲᠥᠪ ᠰᠢᠯᠭᠠᠯᠲᠠ ᠶᠢᠨ ᠬᠢᠨᠠᠨ  ᠬᠠᠮᠢᠶᠠᠷᠣᠯᠲᠠ   ᠶᠢᠨ  ᠠᠵᠢᠯ  ‍ᠤᠨ‌‍ᠴᠣᠪᠣᠷᠠᠯ ᠳᠤ ᠪᠦᠬᠦ ᠲᠠᠯ᠎ᠠ ᠶᠢᠨ ᠡᠮᠬᠢᠯᠡᠯᠲᠡ ᠬᠢᠵᠦ᠂ ᠰᠢᠯᠭᠠᠯᠲᠠ ᠶᠢᠨ ᠬᠢᠨᠠᠨ ᠬᠠᠮᠢᠶᠠᠷᠣᠯᠲᠠ ᠶᠢᠨ ᠰᠡᠷᠡᠮᠵᠢᠯᠡᠬᠦᠯᠬᠦ  ᠲᠥᠰᠦᠯ   ᠢ ᠰᠣᠳᠣᠯᠣᠨ ᠳᠣᠭᠲᠠᠭᠠᠵᠣ᠂ ᠰᠢᠨᠵᠢᠯᠡᠭᠡ ᠮᠡᠷᠭᠡᠵᠢᠯ ᠤᠨ ᠠᠷᠭ᠎ᠠ ᠪᠠᠷᠢᠯ ᠤᠨ ᠬᠡᠷᠡᠭᠯᠡᠭᠡᠨ ᠢ ᠴᠢᠩᠭᠠᠳᠬᠠᠵᠣ᠂ ᠬᠢᠨᠠᠨ  ᠬᠠᠮᠢᠶᠠᠷᠣᠯᠲᠠ‌‍ᠶᠢᠨ ᠪᠦᠲᠦᠮᠵᠢ ᠳᠤ ᠬᠦᠷᠬᠦ ᠶᠢ ᠪᠠᠲᠣᠯᠠᠵᠠᠢ᠃ ᠰᠠᠯᠪᠣᠷᠢ ᠠᠩᠭᠢ ᠪᠠ ᠵᠢᠯᠣᠭᠤᠴᠢ ᠶᠢᠨ ᠰᠢᠯᠭᠠᠯᠲᠠ ᠶᠢᠨ ᠰᠠᠯᠠᠭ᠎ᠠ ᠮᠦᠴᠢᠷ ᠲᠣᠰ ᠲᠣᠰ ᠵᠢᠯᠣᠭᠤᠴᠢ ᠶᠢᠨ ᠰᠢᠯᠭᠠᠯᠲᠠ ᠶᠢᠨ ᠬᠢᠨᠠᠨ ᠬᠠᠮᠢᠶᠠᠷᠣᠯᠲᠠ ᠶᠢᠨ ᠠᠵᠢᠯ ᠤᠨ ᠣᠳᠣᠷᠢᠳᠬᠤ  ᠪᠦᠲᠦᠴᠡ   ᠶᠢ  ᠪᠠᠶᠢᠭᠤᠯᠵᠣ᠂ᠴᠢᠩᠭ᠎ᠠ ᠬᠦᠴᠦᠲᠡᠢ ᠵᠣᠬᠢᠶᠠᠨ ᠪᠠᠶᠢᠭᠤᠯᠣᠯᠲᠠ ᠶᠢᠨ ᠪᠠᠲᠣᠯᠠᠭ᠎ᠠ ᠬᠠᠩᠭᠠᠪᠠ᠃      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号