ᠣᠳᠣ ᠦᠶ᠎ᠡ  ᠶᠢᠨ ᠮᠥᠩᠭᠦᠨ ᠭᠦᠢᠯᠭᠡᠭᠡᠨ  ᠤ ᠦᠢᠯᠡᠰ  ᠤᠨ ᠬᠥᠭᠵᠢᠯᠲᠡ  ᠶᠢ ᠲᠦᠷᠭᠡᠳᠬᠡᠬᠦ ᠲᠤᠬᠠᠢ ᠬᠥᠬᠡᠬᠤᠲᠠ  ᠶᠢᠨ ᠠᠷᠠᠳ  ᠤᠨ ᠵᠠᠰᠠᠭ  ᠤᠨ ᠣᠷᠳᠣᠨ  ᠤ ᠰᠠᠨᠠᠯ
ᠨᠡᠶᠢᠲᠡᠯᠡᠭᠰᠡᠨ ᠴᠠᠭ᠄
2018-05-08
           ᠬᠥᠬᠡᠬᠤᠲᠠ ᠵᠠᠰᠠᠭ ᠲᠠᠷᠬᠠᠭᠠᠭᠰᠠᠨ  ﹇ 2018﹈ 17 ᠳ᠋ᠤᠭᠠᠷ ᠲᠣᠭᠠᠲᠤ ᠡᠯ᠎ᠡ ᠬᠤᠰᠢᠭᠤ  ᠂ ᠰᠢᠶᠡᠨ  ᠂ ᠲᠣᠭᠤᠷᠢᠭ  ᠤᠨ ᠠᠷᠠᠳ  ᠤᠨ ᠵᠠᠰᠠᠭ  ᠤᠨ ᠣᠷᠳᠣᠨ  ᠂ ᠠᠵᠤ ᠠᠬᠤᠢ ᠮᠡᠷᠭᠡᠵᠢᠯ  ᠤᠨ ᠨᠡᠭᠡᠭᠡᠯᠲᠡ  ᠶᠢᠨ ᠣᠷᠣᠨ  ᠤ ᠬᠠᠮᠢᠶᠠᠷᠤᠯᠲᠠ  ᠶᠢᠨ ᠵᠥᠪᠯᠡᠯ  ᠂ ᠬᠤᠲᠠ  ᠶᠢᠨ ᠡᠯ᠎ᠡ ᠵᠥᠪᠯᠡᠯ  ᠂ ᠠᠯᠪᠠᠨ ᠭᠡᠷ  ᠂ ᠲᠣᠪᠴᠢᠶ᠎ᠠ  ᠂ ᠡᠯ᠎ᠡ ᠮᠥᠩᠭᠦᠨ ᠭᠦᠢᠯᠭᠡᠭᠡᠨ  ᠤ ᠪᠠᠶᠢᠭᠤᠯᠤᠮᠵᠢ  ᠄      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠳᠡᠭᠡᠷ᠎ᠡ ᠶᠠᠷᠢᠭᠰᠠᠨ ᠴᠢᠬᠤᠯᠠ ᠶᠠᠷᠢᠶ᠎ᠠ  ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ  ᠤ ᠬᠤᠳᠠ ᠶᠢᠨ  ᠤᠳᠤ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠮᠠᠨ  ᠤ ᠬᠤᠳᠠ ᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠥᠪᠯᠡᠷᠡᠭᠰᠡᠨ  ᠂ ᠮᠥᠩᠭᠦᠨ ᠭᠦᠢᠯᠭᠡᠭᠡᠨ  ᠤ ᠵᠠᠬ᠎ᠠ ᠳᠡᠯᠭᠡᠭᠦᠷ ᠲᠡᠭᠦᠯᠳᠡᠷᠵᠢᠭᠰᠡᠨ  ᠂ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠲᠠᠯ᠎ᠠ ᠪᠠᠷ ᠢᠳᠡᠪᠬᠢᠲᠡᠶ᠂ ᠮᠥᠩᠭᠦᠨ ᠭᠦᠢᠯᠭᠡᠭᠡᠨ  ᠤ ᠦᠢᠯᠡᠴᠢᠯᠡᠭᠡ ᠶᠢᠨ ᠦᠷ᠎ᠡ ᠪᠥᠲᠥᠮᠵᠢ ᠪᠠᠷ ᠦᠨᠳᠦᠷ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠲᠥᠪ ᠪᠣᠯᠭᠠᠨ ᠪᠦᠲᠦᠭᠡᠨ ᠪᠠᠶᠢᠭᠤᠯᠬᠤ  ᠶᠢᠨ ᠲᠤᠰᠠᠳᠠ  ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠤᠳᠤᠯᠵᠤ᠂ ᠳᠣᠣᠷᠠᠬᠢ ᠰᠠᠨᠠᠯ ᠢ ᠳᠤᠷᠠᠳᠪᠠ᠃      ᠨᠢᠭᠡ   ᠰᠢᠨ᠎ᠡ  ᠪᠠᠷ ᠪᠠᠶᠢᠭᠤᠯᠤᠭᠳᠠᠭᠰᠠᠨ ᠪᠤᠶᠤ ᠰᠢᠨ᠎ᠡ ᠰᠢᠯᠵᠢᠵᠦ ᠢᠷᠡᠭᠰᠡᠨ ᠮᠥᠩᠭᠦᠨ ᠭᠦᠢᠯᠭᠡᠭᠡᠨ  ᠤ ᠪᠠᠶᠢᠭᠤᠯᠤᠮᠵᠢ  ᠂ ᠮᠥᠩᠭᠦᠨ ᠭᠦᠢᠯᠭᠡᠭᠡᠨ ᠤ ᠲᠥᠷᠥᠯ   ᠤᠨ  ᠪᠠᠶᠢᠭᠤᠯᠤᠮᠵᠢ  ᠳᠤ ᠨᠢᠭᠡ ᠤᠳᠠᠭᠠᠨ ᠤ ᠴᠢᠨᠠᠷᠲᠠᠶ ᠨᠥᠬᠦᠪᠥᠷᠢ ᠣᠯᠭᠤᠨ᠎ᠠ      ︵ᠨᠢᠭᠡ  ︶ ᠬᠠᠤᠯᠢ ᠶᠢᠨ ᠡᠷᠬᠡᠲᠡᠨ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠳᠠᠩᠰᠠᠯᠠᠭᠤᠯᠤᠭᠰᠠᠨ ᠬᠦᠷᠦᠩᠭᠡ ᠶᠢᠨ 1 % ᠪᠠᠷ ᠨᠥᠬᠦᠪᠥᠷᠢ ᠣᠯᠭᠤᠵᠤ᠂ ᠬᠠᠮᠤᠭ ᠥᠨᠳᠥᠷ ᠲᠡᠭᠡᠨ 500 ᠲᠦᠮᠡᠨ ᠲᠥᠭᠦᠷᠢᠭ ᠢᠶᠠᠷ ᠬᠢᠵᠠᠭᠠᠷᠯᠠᠨ᠎ᠠ︔ ᠪᠠᠩᠬᠢ ᠶᠢᠨ ᠪᠠᠶᠢᠭᠤᠯᠤᠮᠵᠢ ᠶᠢᠨ ᠶᠡᠷᠦᠩᠬᠡᠶ ᠪᠠᠩᠬᠢ ᠶᠢᠨ ᠲᠡᠰ  ᠤᠨ ᠠᠵᠢᠯ ᠤᠨ ᠬᠡᠯᠲᠡᠰ  ᠂ ᠳ᠋ᠠᠶᠢᠲ᠋ᠠ ᠶᠢᠨ ᠲᠥᠪ  ᠂ ᠪᠡᠯᠡᠳᠬᠡᠯ ᠲᠥᠪ  ᠂ ᠰᠤᠳᠤᠯᠤᠨ ᠨᠡᠭᠡᠭᠡᠬᠦ ᠲᠥᠪ ᠵᠡᠷᠭᠡ ᠪᠠᠶᠢᠭᠤᠯᠤᠮᠵᠢ ᠬᠥᠬᠡᠬᠤᠲᠠ  ᠳᠤ ᠰᠠᠭᠤᠷᠢᠰᠢᠪᠠᠯ ᠠᠳᠠᠯᠢ ᠬᠠᠷᠢᠴᠠᠯ ᠤᠨ ᠨᠥᠬᠦᠪᠥᠷᠢ ᠣᠯᠭᠤᠵᠤ  ᠂ ᠬᠠᠮᠤᠭ ᠥᠨᠳᠥᠷ ᠲᠡᠭᠡᠨ 200 ᠲᠦᠮᠡᠨ ᠲᠥᠭᠦᠷᠢᠭ ᠢᠶᠠᠷ ᠬᠢᠵᠠᠭᠠᠷᠯᠠᠨ᠎ᠠ  ᠃      ︵ᠬᠤᠶᠠᠷ  ︶ ᠮᠠᠨ  ᠤ ᠬᠤᠲᠠ  ᠳᠤ ᠰᠢᠨ᠎ᠡ  ᠪᠠᠷ ᠪᠠᠶᠢᠭᠤᠯᠤᠭᠳᠠᠭᠰᠠᠨ ᠪᠤᠶᠤ ᠰᠢᠨ᠎ᠡ ᠰᠢᠯᠵᠢᠵᠦ ᠢᠷᠡᠭᠰᠡᠨ ᠳᠠᠭᠠᠳᠬᠠᠯ  ᠂ ᠦᠨᠡᠲᠦ ᠲᠡᠮᠳᠡᠭᠲᠦ  ᠂ ᠬᠤᠭᠤᠴᠠᠭᠠᠲᠤ ᠪᠠᠷᠠᠭ᠎ᠠ᠂ ᠢᠲᠡᠭᠡᠮᠵᠢᠲᠦ ᠨᠠᠶᠢᠳᠠᠯᠭ᠎ᠠ ᠵᠡᠷᠭᠡ ᠪᠠᠶᠢᠭᠤᠯᠤᠮᠵᠢ  ᠶᠢᠨ ᠬᠤᠪᠢᠶᠠᠷᠢ ᠺᠣᠮᠫᠠᠨᠢ  ᠳᠤ 20 ᠲᠦᠮᠡᠨ ᠲᠥᠭᠦᠷᠢᠭ  ᠤᠨ ᠨᠥᠬᠦᠪᠦᠷᠢ ᠣᠯᠭᠤᠨ᠎ᠠ  ᠃      ︵ᠭᠤᠷᠪᠠ  ︶ ᠪᠡᠯᠡ ᠳᠤᠬᠢᠷᠠᠭᠤᠯᠭ᠎ᠠ ᠶᠢᠨ ᠲᠦᠷᠢᠶᠡᠰᠦᠯᠡᠯ  ᠂ ᠬᠤᠳᠠᠯᠳᠤᠭᠠᠨ ᠤ ᠲᠥᠯᠥᠪᠦᠷᠢ ᠶᠢ ᠪᠠᠲᠤᠯᠠᠭᠴᠢ᠂ ᠰᠠᠭᠤᠷᠢ ᠮᠥᠩᠭᠦᠨ ᠤ ᠺᠣᠮᠫᠠᠨᠢ ᠳᠤ  ᠬᠤᠷᠢᠶᠠᠭᠰᠠᠨ ᠬᠦᠷᠦᠩᠭᠡ ᠶᠢᠨ 0.3 % ᠢᠶᠠᠷ ᠨᠥᠬᠦᠪᠥᠷᠢ ᠣᠯᠭᠤᠵᠤ  ᠂ ᠬᠠᠮᠤᠭ ᠥᠨᠳᠥᠷ ᠲᠡᠭᠡᠨ 50 ᠲᠦᠮᠡᠨ ᠲᠥᠭᠦᠷᠢᠭ ᠢᠶᠠᠷ ᠬᠢᠵᠠᠭᠠᠷᠯᠠᠨ᠎ᠠ  ᠃      ︵ᠳᠥᠷᠪᠡ  ︶ ᠲᠥᠷᠥ ᠶᠢᠨ ᠪᠣᠳᠣᠯᠭ᠎ᠠ  ᠶᠢᠨ ᠬᠠᠷᠠᠭᠠᠯᠵᠠᠯ  ᠬᠦᠷᠲᠡᠵᠦ ᠥᠩᠭᠡᠷᠡᠭᠰᠡᠨ ᠠᠵᠤ ᠠᠬᠤᠶᠢᠯᠠᠯ ᠲᠠᠪᠤᠨ ᠵᠢᠯ ᠤᠨ ᠳᠣᠲᠣᠷ᠎ᠠ ᠮᠠᠨ ᠤ ᠬᠤᠲᠠ ᠠᠴᠠ ᠰᠢᠯᠵᠢᠵᠦ  ᠪᠣᠯᠬᠤ ᠦᠭᠡᠢ᠂ ᠬᠡᠷᠪᠡ ᠰᠢᠯᠵᠢᠬᠦ   ᠳᠤ ᠬᠥᠷᠪᠡᠯ ᠣᠯᠣᠭᠰᠠᠨ ᠨᠥᠬᠦᠪᠦᠷᠢ ᠮᠥᠩᠭᠦ  ᠪᠠᠨ ᠲᠤᠭ᠎ᠠ ᠶᠣᠰᠣᠭᠠᠷ ᠪᠤᠴᠠᠭᠠᠬᠤ ᠬᠡᠷᠡᠭᠲᠡᠶ᠃      ᠬᠤᠶᠠᠷ  ᠮᠥᠩᠭᠦᠨ ᠭᠦᠢᠯᠭᠡᠭᠡᠨ  ᠤ ᠪᠠᠶᠢᠭᠤᠯᠤᠮᠵᠢ  ᠠᠴᠠ ᠮᠠᠨ  ᠤ ᠬᠤᠲᠠ  ᠶᠢᠨ ᠪᠣᠳᠠᠲᠤ ᠠᠵᠤ ᠠᠬᠤᠢ ᠶᠢᠨ ᠬᠥᠭᠵᠢᠯᠲᠡ ᠶᠢ ᠳᠡᠮᠵᠢᠬᠦ  ᠶᠢ ᠵᠣᠷᠢᠭᠵᠢᠭᠤᠯᠤᠨ᠎ᠠ        ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠠᠶᠢᠰᠢᠶᠠᠨ ᠬᠥᠬᠢᠭᠦᠯᠬᠦ ᠪᠤᠶᠤ ᠨᠢᠭᠡ ᠤᠳᠠᠭᠠᠨ ᠤ ᠴᠢᠨᠠᠷᠲᠠᠶ ᠱᠠᠩᠨᠠᠯ ᠣᠯᠭᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠢᠨᠠᠨ ᠰᠢᠯᠭᠠᠵᠤ ᠤᠷᠮᠠᠰᠢᠭᠤᠯᠤᠨ ᠬᠦᠬᠢᠭᠦᠯᠬᠦ ᠱᠠᠩᠨᠠᠯ ᠪᠠᠶᠢᠭᠤᠯᠵᠤ  ᠂ ᠵᠢᠯ ᠪᠦᠷᠢ ᠨᠢᠭᠡ ᠤᠳᠠᠭ᠎ᠠ ᠰᠢᠯᠭᠠᠷᠠᠭᠤᠯᠤᠨ ᠰᠣᠩᠭᠤᠨ᠎ᠠ  ᠃ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢ ᠬᠢᠨᠠᠨ ᠰᠢᠯᠭᠠᠬᠤ ᠭᠦᠢᠴᠡᠳᠬᠡᠯ  ᠲᠤᠭ᠎ᠠ ᠶᠢ ᠭᠤᠣᠯᠳᠠᠭᠤ ᠣᠨ ᠤ ᠵᠢᠭᠡᠯᠡᠯᠭᠡ ᠶᠢᠨ ᠠᠳᠠᠯᠢ ᠬᠤᠭᠤᠴᠠᠭᠠᠨ ᠤ ᠨᠡᠮᠡᠭᠳᠡᠯ᠂ ᠨᠡᠮᠡᠭᠳᠡᠯ  ᠤᠨ ᠬᠤᠷᠳᠤᠴᠠ᠂ ᠢᠲᠡᠭᠡᠮᠵᠢᠲᠦ ᠨᠠᠶᠢᠳᠠᠯᠭ᠎ᠠ  ᠂ ᠰᠠᠭᠤᠷᠢ ᠮᠥᠩᠭᠦ ᠵᠡᠷᠭᠡ ᠶᠢᠨ ᠲᠠᠷᠬᠠᠭᠠᠯᠲᠠ ᠶᠢᠨ ᠬᠡᠮᠵᠢᠶ᠎ᠡ ᠪᠠ ᠮᠠᠨ ᠤ ᠬᠤᠲᠠ ᠶᠢᠨ ᠪᠠᠭ᠎ᠠ ᠵᠢᠵᠢᠭ ᠠᠵᠤ ᠠᠬᠤᠶᠢᠯᠠᠯ ᠳᠤ ᠪᠡᠯᠡ ᠴᠤᠭᠯᠠᠭᠤᠯᠵᠤ ᠲᠡᠳᠬᠦᠭᠰᠡᠨ ᠬᠦᠴᠦᠯᠡᠴᠡ᠂ ᠶᠡᠷᠦᠩᠬᠡᠶ  ᠨᠡᠷᠡᠰ  ᠤᠨ ᠵᠢᠭᠰᠠᠭᠠᠯᠲᠠ  ᠶᠢᠨ ᠡᠮᠥᠨ᠎ᠡ ᠭᠤᠷᠪᠠ ᠳᠤ ᠣᠷᠣᠭᠰᠠᠨ ᠪᠥᠭᠡᠳ ᠪᠦᠭᠦ ᠬᠤᠲᠠ ᠶᠢᠨ ᠳᠤᠮᠳᠠᠴᠢ ᠲᠥᠪᠰᠢᠨ ᠠᠴᠠ ᠳᠡᠭᠡᠷ᠎ᠡ ᠪᠠᠶᠢᠭ᠎ᠠ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢ ᠲᠤᠰ ᠲᠤᠰ 30 ᠲᠦᠮᠡᠨ ᠲᠥᠭᠦᠷᠢᠭ᠂ 20 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠱᠠᠩᠨᠠᠨ᠎ᠠ᠃ ᠣᠨ ᠤ ᠰᠢᠨ᠎ᠡ ᠪᠠᠷ ᠨᠡᠮᠡᠭᠳᠡᠭᠰᠡᠨ ᠳᠠᠭᠠᠳᠬᠠᠯ  ᠤᠨ ᠮᠥᠩᠭᠦ  ᠶᠢᠨ ᠣᠷᠣᠯᠭ᠎ᠠ  ᠪᠠᠷ ᠡᠮᠥᠨ᠎ᠡ ᠭᠤᠷᠪᠠᠨ ᠨᠡᠷ᠎ᠡ ᠳᠤ ᠵᠢᠭᠰᠠᠭᠠᠭᠳᠠᠭᠰᠠᠨ ᠳᠠᠭᠠᠳᠬᠠᠯ ᠤᠨ ᠦᠢᠯᠡᠰ ᠤᠨ ᠪᠠᠶᠢᠭᠤᠯᠤᠮᠵᠢ ᠶᠢ  ᠲᠤᠰ ᠲᠤᠰ 20 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨ᠎ᠠ᠃ ᠳᠣᠪᠣᠶᠢᠮ᠎ᠠ ᠬᠤᠪᠢ ᠨᠡᠮᠡᠷᠢ ᠲᠠᠢ  ᠪᠤᠰᠤᠳ ᠮᠥᠩᠭᠦᠨ ᠭᠦᠢᠯᠭᠡᠭᠡᠨ ᠤ  ᠪᠠᠶᠢᠭᠤᠯᠤᠮᠵᠢ ᠪᠤᠶᠤ ᠮᠥᠩᠭᠦᠨ ᠭᠦᠢᠯᠭᠡᠭᠡᠨ ᠤ ᠲᠦᠷᠦᠯ ᠤᠨ ᠪᠠᠶᠢᠭᠤᠯᠤᠮᠵᠢ  ᠳᠤ ᠵᠣᠬᠢᠬᠤ ᠬᠡᠮᠵᠢᠶᠡᠨ  ᠤ ᠱᠠᠩᠨᠠᠯ ᠣᠯᠭᠤᠨ᠎ᠠ  ᠃      ᠭᠤᠷᠪᠠ  ᠬᠤᠲᠠ  ᠶᠢᠨ ᠬᠥᠷᠥᠩᠭᠡ  ᠶᠢᠨ ᠵᠠᠬ᠎ᠠ ᠳᠡᠯᠭᠡᠭᠦᠷ  ᠤᠨ ᠲᠡᠭᠦᠯᠳᠡᠷᠵᠢᠯ  ᠢ ᠲᠦᠷᠭᠡᠳᠬᠡᠨ᠎ᠡ        ︵ᠨᠢᠭᠡ  ︶ ᠤᠯᠤᠰ  ᠤᠨ ᠳᠣᠲᠣᠷ᠎ᠠ ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠠᠮᠵᠢᠯᠲᠠ ᠲᠠᠢ ᠪᠠᠷ ᠭᠠᠷᠤᠭᠰᠠᠨ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ  ᠃      ︵ᠬᠤᠶᠠᠷ  ︶  ᠰᠢᠨ᠎ᠡ ᠭᠤᠷᠪᠠᠨ ᠰᠠᠮᠪᠠᠷ᠎ᠠ ᠳᠡᠭᠡᠷ᠎ᠡ ᠠᠮᠵᠢᠯᠲᠠ ᠲᠠᠢ ᠫᠠᠶᠢᠰᠠ ᠡᠯᠭᠦᠭᠰᠡᠨ ᠠᠵᠤ ᠠᠬᠤᠶᠢᠯᠠᠯ ᠳᠤ 50 ᠲᠦᠮᠡᠨ ᠲᠥᠭᠦᠷᠢᠭ ᠤᠨ ᠨᠥᠬᠦᠪᠥᠷᠢ ᠣᠯᠭᠤᠵᠤ  ᠂ ᠳᠥᠷᠪᠡᠨ ᠰᠠᠮᠪᠠᠷ᠎ᠠ ᠶᠢᠨ ᠵᠠᠬ᠎ᠠ ᠳᠡᠯᠭᠡᠭᠦᠷ ᠳᠡᠭᠡᠷ᠎ᠡ ᠠᠮᠵᠢᠯᠲᠠ ᠲᠠᠢ ᠫᠠᠶᠢᠰᠠ ᠡᠯᠭᠦᠭᠰᠡᠨ ᠠᠵᠤ ᠠᠬᠤᠶᠢᠯᠠᠯ ᠳᠤ 5 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ  ᠃      ︵ᠭᠤᠷᠪᠠ︶ ᠰᠢᠨ᠎ᠡ ᠪᠠᠷ ᠪᠠᠶᠢᠭᠤᠯᠤᠭᠳᠠᠭᠰᠠᠨ ᠪᠤᠶᠤ ᠰᠢᠨ᠎ᠡ ᠪᠠᠷ ᠰᠢᠯᠵᠢᠨ‌ᠢᠷᠡᠭᠰᠡᠨ ᠮᠥᠷᠲᠡᠭᠡᠨ 5000 ᠲᠦᠮᠡᠨ ᠲᠥᠭᠦᠷᠢᠭ ᠤᠨ ᠪᠡᠯᠡ‌ᠮᠥ᠋ᠩᠭᠦ ᠪᠣᠳᠠᠲᠠᠢ  ᠴᠤᠭᠯᠠᠭᠤᠯᠤᠭᠰᠠᠨ ᠬᠤᠪᠢᠴᠠᠭᠠᠨ ᠤ ᠡᠷᠬᠡ ᠶᠢᠨ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ︵ ᠲᠦᠭᠰᠢᠭᠦᠷᠢᠲᠦ  ᠪᠡᠯᠡ ᠣᠷᠣᠭᠤᠯᠤᠯᠲᠠ ᠶᠢ ᠪᠠᠭᠲᠠᠭᠠᠨ᠎ᠠ︶  ᠳᠤ ᠲᠡᠭᠦᠨ ᠤ ᠠᠩᠬᠠᠳᠠᠭᠴᠢ ᠬᠤᠭᠤᠴᠠᠭᠠᠨ  ᠳᠤ ᠪᠤᠳᠠᠲᠠᠢ ᠴᠤᠭᠯᠠᠭᠤᠯᠤᠭᠰᠠᠨ ᠬᠦᠷᠦᠩᠭᠡ ᠮᠦᠩᠭᠦ ᠶᠢᠨ 0 . 5 % ᠬᠠᠷᠢᠴᠠᠯ ᠪᠠᠷ ᠠᠵᠦ ᠠᠬᠤᠶᠢᠯᠠᠯ ᠡᠷᠬᠢᠯᠡᠬᠦ ᠨᠥᠬᠦᠪᠥᠷᠢ ᠮᠦᠩᠭᠦ ᠣᠯᠭᠤᠵᠣ  ᠂ ᠬᠠᠮᠤᠭ ᠤᠨ ᠦᠨᠳᠦᠷ  ᠲᠡᠭᠡᠨ 200 ᠲᠦᠮᠡᠨ ᠲᠥᠭᠦᠷᠢᠭ   ᠪᠠᠷ  ᠬᠢᠵᠠᠭᠠᠷᠯᠠᠨ᠎ᠠ᠃ ᠲᠤᠰ ᠵᠢᠯ  ᠳᠤ ᠪᠠᠨ  ᠮᠠᠨ ᠤ ᠬᠤᠲᠠ ᠶᠢᠨ ᠠᠵᠤ ᠠᠬᠤᠶᠢᠯᠠᠯ ᠤᠨ ᠬᠤᠪᠢᠴᠠᠭᠠᠨ ᠤ ᠡᠷᠬᠡ ᠶᠢᠨ ᠪᠡᠯᠡ ᠣᠷᠣᠭᠤᠯᠤᠯᠲᠠ  ᠳᠤ ᠶᠡᠷᠦᠩᠬᠡᠢ ᠲᠤᠭ᠎ᠠ ᠨᠢ 5000 ᠲᠦᠮᠡᠨ ᠲᠥᠭᠦᠷᠢᠭ ᠠᠴᠠ  ᠳᠠᠪᠠᠭᠰᠠᠨ  ᠪᠡᠯᠡ ᠣᠷᠣᠭᠤᠯᠤᠯᠲᠠ ᠶᠢᠨ ᠠᠵᠤ ᠠᠬᠤᠶᠢᠯᠠᠯ  ᠳᠤ ᠲᠤᠬᠠᠶ ᠶᠢᠨ ᠵᠢᠯ  ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠲᠣᠭᠠᠨ ᠤ 1 % ᠶᠢᠨ ᠬᠠᠷᠢᠴᠠᠯ   ᠪᠠᠷ ᠨᠥᠬᠦᠪᠥᠷᠢ ᠣᠯᠭᠤᠵᠤ  ᠂ ᠬᠠᠮᠤᠭ ᠤᠨ ᠦᠨᠳᠦᠷ  ᠲᠡᠭᠡᠨ  200 ᠲᠦᠮᠡᠨ ᠲᠥᠭᠦᠷᠢᠭ   ᠪᠠᠷ  ᠬᠢᠵᠠᠭᠠᠷᠯᠠᠨ᠎ᠠ᠃      ︵ᠳᠥᠷᠪᠡ  ︶ ᠬᠠᠮᠲᠤᠷᠠᠯᠴᠠᠭᠰᠠᠨ ᠵᠢᠭᠡᠯᠡᠯᠭᠡ  ᠶᠢᠨ ᠲᠡᠮᠲᠡᠭᠲᠦ  、ᠬᠤᠪᠢ ᠪᠠᠷ ᠴᠤᠭᠯᠠᠭᠤᠯᠤᠭᠰᠠᠨ ᠵᠢᠭᠡᠯᠡᠯᠭᠡ  ᠶᠢᠨ ᠲᠡᠮᠲᠡᠭᠲᠦ  ᠂ ᠺᠤᠮᠫᠠᠨᠢ  ᠶᠢᠨ ᠵᠢᠭᠡᠯᠡᠯᠭᠡ  ᠶᠢᠨ ᠲᠡᠮᠲᠡᠭᠲᠦ᠂ ᠬᠤᠣᠰ ᠰᠢᠨᠡᠴᠢᠯᠡᠭᠰᠡᠳ  ᠤᠨ ᠵᠢᠭᠡᠯᠡᠯᠭᠡ  ᠶᠢᠨ ᠲᠡᠮᠲᠡᠭᠲᠦ ᠵᠡᠷᠭᠡ ᠡᠯ᠎ᠡ ᠲᠥᠷᠥᠯ  ᠤᠨ ᠵᠢᠭᠡᠯᠡᠯᠭᠡ  ᠶᠢᠨ ᠲᠡᠮᠲᠡᠭ  ᠢ ᠠᠮᠵᠢᠯᠲᠠ ᠲᠠᠢ ᠲᠠᠷᠬᠠᠭᠠᠭᠰᠠᠨ ᠳᠤᠮᠳᠠ ᠪᠠᠭ᠎ᠠ ᠠᠵᠤ ᠠᠬᠤᠶᠢᠯᠠᠯ  ᠳᠤ  200 ᠲᠦᠮᠡᠨ ᠲᠥᠭᠦᠷᠢᠭ ᠤᠨ ᠳᠣᠲᠣᠷ᠎ᠠ ᠲᠠᠷᠬᠠᠭᠠᠭᠰᠠᠨ ᠵᠢᠭᠡᠯᠡᠯᠭᠡ  ᠶᠢᠨ ᠲᠡᠮᠲᠡᠭ  ᠤᠨ ᠨᠣᠷᠮ᠎ᠠ  ᠶᠢᠨ 2‰ ᠢᠶᠠᠷ ᠨᠥᠬᠦᠪᠦᠷᠢ ᠣᠯᠭᠤᠨ᠎ᠠ  ᠃      ᠳᠥᠷᠪᠡ  ᠳᠠᠭᠠᠯᠳᠤᠭᠤᠯᠤᠭᠰᠠᠨ ᠳᠥᠷᠢᠮ      ︵ᠨᠢᠭᠡ  ︶ ᠮᠥᠩᠭᠦᠨ ᠭᠦᠢᠯᠭᠡᠭᠡᠨ  ᠤ ᠪᠠᠶᠢᠭᠤᠯᠤᠮᠵᠢ  ᠂ ᠮᠥᠩᠭᠦᠨ ᠭᠦᠢᠯᠭᠡᠭᠡᠨ ᠤ ᠲᠥᠷᠥᠯ  ᠤᠨ ᠪᠠᠶᠢᠭᠤᠯᠤᠮᠵᠢ ᠪᠣᠯᠣᠨ ᠬᠤᠪᠢᠴᠠᠭᠠᠨ ᠤ ᠡᠷᠬᠡ ᠪᠠᠷ ᠪᠡᠯᠡ ᠣᠷᠣᠭᠤᠯᠬᠤ ᠲᠥᠷᠥᠯ  ᠤᠨ ᠪᠠᠶᠢᠭᠤᠯᠤᠮᠵᠢ ᠳᠤ ᠠᠵᠢᠯᠯᠠᠵᠤ ᠪᠠᠶᠢᠭ᠎ᠠ ᠨᠥᠬᠦᠴᠡᠯ  ᠳᠤ ᠨᠡᠶᠢᠴᠡᠭᠰᠡᠨ ᠬᠥᠮᠥᠰ ᠮᠠᠨ  ᠤ ᠬᠤᠲᠠ  ᠶᠢᠨ ᠴᠢᠳᠠᠪᠤᠷᠢᠲᠠᠨ ᠢ ᠤᠷᠢᠬᠤ  ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠨ᠎ᠡ  ᠃      ︵ᠬᠤᠶᠠᠷ  ︶ ᠠᠵᠤ ᠠᠬᠤᠶᠢᠯᠠᠯ  ᠂ ᠪᠠᠶᠢᠭᠤᠯᠭ᠎ᠠ ᠨᠢᠭᠡᠴᠡ ᠪᠤᠶᠤ ᠬᠤᠪᠢ ᠬᠥᠮᠥᠨ ᠲᠥᠷᠥ  ᠶᠢᠨ ᠪᠣᠳᠣᠯᠭ᠎ᠠ  ᠶᠢᠨ ᠬᠥᠷᠥᠩᠭᠡ  ᠮᠥᠩᠭᠦ ᠶᠢ ᠭᠤᠶᠤᠴᠢᠯᠠᠬᠤ ᠶᠠᠪᠤᠴᠠ  ᠳᠤ ᠬᠤᠳᠠᠯ ᠬᠡᠯᠡᠨ ᠬᠠᠭᠤᠷᠮᠠᠭ  ᠢᠶᠠᠷ ᠵᠣᠬᠢᠶᠠᠵᠤ ᠮᠡᠬᠡᠯᠡᠨ ᠠᠪᠤᠭᠰᠠᠨ᠂ ᠠᠷᠭᠠᠳᠠᠨ ᠠᠪᠤᠭᠰᠠᠨ ᠵᠡᠷᠭᠡ ᠬᠠᠤᠯᠢ ᠴᠠᠭᠠᠵᠠ ᠰᠠᠬᠢᠯᠭ᠎ᠠ ᠪᠠᠲᠤ  ᠶᠢ ᠵᠥᠷᠢᠴᠡᠭᠰᠡᠨ ᠶᠠᠪᠤᠳᠠᠯ ᠪᠠᠶᠢᠪᠠᠯ ᠲᠥᠷᠥ  ᠶᠢᠨ ᠪᠣᠳᠣᠯᠭ᠎ᠠ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ  ᠂ ᠡᠳ᠋  ᠤᠨ ᠵᠠᠰᠠᠭ  ᠤᠨ ᠰᠠᠯᠠᠭ᠎ᠠ ᠮᠥᠴᠢᠷ  ᠠᠴᠠ ᠬᠠᠤᠯᠢ ᠳᠦᠷᠢᠮ ᠶᠣᠰᠣᠭᠠᠷ ᠲᠥᠷᠥ  ᠶᠢᠨ ᠪᠣᠳᠣᠯᠭ᠎ᠠ  ᠶᠢᠨ ᠬᠥᠷᠥᠩᠭᠡ ᠮᠥᠩᠭᠦ ᠡᠳ᠋ᠯᠡᠬᠦ ᠬᠢᠷᠢ ᠬᠡᠮ  ᠢ ᠨᠢ ᠬᠠᠰᠤᠵᠤ  ᠂ ᠮᠡᠬᠡᠯᠡᠨ ᠠᠪᠤᠭᠰᠠᠨ  ᠂ ᠠᠷᠭᠠᠳᠠᠨ ᠠᠪᠤᠭᠰᠠᠨ ᠲᠥᠷᠥ  ᠶᠢᠨ ᠪᠣᠳᠣᠯᠭ᠎ᠠ  ᠶᠢᠨ ᠬᠥᠷᠥᠩᠭᠡ ᠮᠥᠩᠭᠦ ᠶᠢ ᠪᠤᠴᠠᠭᠠᠨ ᠠᠪᠬᠤ ᠡᠷᠬᠡ ᠲᠠᠢ ᠮᠥᠷᠲᠡᠭᠡᠨ ᠲᠠᠪᠤᠨ ᠵᠢᠯ  ᠤᠨ ᠳᠣᠲᠣᠷ᠎ᠠ ᠲᠥᠷᠥ  ᠶᠢᠨ ᠪᠣᠳᠣᠯᠭ᠎ᠠ  ᠶᠢᠨ ᠬᠥᠷᠥᠩᠭᠡ ᠮᠥᠩᠭᠦ  ᠶᠢ ᠳᠠᠬᠢᠨ ᠭᠤᠶᠤᠴᠢᠯᠠᠬᠤ  ᠶᠢ ᠬᠢᠵᠠᠭᠠᠷᠯᠠᠨ᠎ᠠ  ᠃      ︵ᠭᠤᠷᠪᠠ  ︶ ᠲᠤᠰ ᠰᠠᠨᠠᠯ ᠢ ᠬᠡᠷᠡᠭᠵᠢᠭᠦᠯᠬᠦ ᠨᠠᠷᠢᠨ ᠲᠥᠰᠥᠯ  ᠢ  ᠬᠤᠲᠠ  ᠶᠢᠨ ᠮᠥᠩᠭᠦᠨ ᠭᠦᠢᠯᠭᠡᠭᠡᠨ  ᠤ ᠠᠵᠢᠯ  ᠤᠨ ᠠᠯᠪᠠᠨ ᠭᠡᠷ  ᠂ ᠡᠳ᠋  ᠤᠨ ᠵᠠᠰᠠᠭ  ᠤᠨ ᠲᠣᠪᠴᠢᠶ᠎ᠠ  ᠠᠴᠠ ᠲᠣᠭᠲᠠᠭᠠᠵᠤ  ᠂ ᠤᠯᠤᠰ  ᠤᠨ ᠲᠥᠷᠥ  ᠶᠢᠨ ᠪᠣᠳᠣᠯᠭ᠎ᠠ  ᠶᠢᠨ ᠲᠣᠬᠢᠷᠠᠭᠤᠯᠤᠯᠲᠠ ᠲᠠᠢ ᠬᠤᠯᠪᠣᠭᠳᠠᠭᠰᠠᠨ ᠵᠤᠷᠪᠤᠰ  ᠤᠳ  ᠢ ᠲᠣᠬᠢᠷᠠᠭᠤᠯᠤᠭᠰᠠᠨ  ᠤ ᠳᠠᠷᠠᠭᠠᠬᠢ ᠲᠥᠷᠥ  ᠶᠢᠨ ᠪᠣᠳᠣᠯᠭ᠎ᠠ  ᠪᠠᠷ ᠶᠠᠪᠤᠭᠳᠠᠭᠤᠯᠤᠨ᠎ᠠ  ᠃      ︵ᠳᠥᠷᠪᠡ  ︶ ᠬᠤᠲᠠ  ᠶᠢᠨ ᠮᠥᠩᠭᠦᠨ ᠭᠦᠢᠯᠭᠡᠭᠡᠨ  ᠤ ᠠᠵᠢᠯ  ᠤᠨ ᠠᠯᠪᠠᠨ ᠭᠡᠷ  ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠲᠤᠰ  ᠰᠠᠨᠠᠯ  ᠢ ᠵᠣᠬᠢᠶᠠᠨ ᠪᠠᠶᠢᠭᠤᠯᠤᠨ ᠬᠡᠷᠡᠭᠵᠢᠭᠦᠯᠬᠦ  ᠶᠢᠨ ᠬᠠᠮᠲᠤ ᠲᠠᠶᠢᠯᠪᠤᠷᠢᠯᠠᠬᠤ  ᠶᠢ ᠬᠠᠷᠢᠭᠤᠴᠠᠨ᠎ᠠ  ᠃       ︵ᠲᠠᠪᠤ  ︶ ᠲᠣᠰ ᠨᠠᠷᠢᠨ ᠳᠦᠷᠢᠮ  ᠢ ᠨᠡᠶᠢᠲᠡᠯᠡᠭᠰᠡᠨ ᠤ 30 ᠡᠳᠦᠷ  ᠤᠨ ᠳᠠᠷᠠᠭ᠎ᠠ  ᠠᠴᠠ ᠡᠬᠢᠯᠡᠵᠦ ᠬᠡᠷᠡᠭᠵᠢᠭᠦᠯᠦᠨ᠎ᠡ  ᠂ ᠬᠦᠴᠦᠨ ᠲᠠᠢ ᠬᠤᠭᠤᠴᠠᠭ᠎ᠠ ᠨᠢ 5 ᠵᠢᠯ᠂ ᠵᠢᠷᠤᠮᠵᠢᠯᠠᠯ  ᠤᠨ ᠴᠢᠨᠠᠷᠲᠠᠢ ᠪᠢᠴᠢᠭ ᠮᠠᠲ᠋ᠧᠷᠢᠶᠠᠯ  ᠤᠨ ᠨᠢᠭᠡᠳᠦᠯᠲᠠᠢ ᠳ᠋ᠤᠭᠠᠷ ᠨᠢ  ᠄ ZG-2018—6 ᠳ᠋ᠤᠭᠠᠷ  ᠃
 
ᠢᠷᠡᠯᠲᠡ᠄ ᠬᠥᠬᠡᠬᠤᠲᠠ  ᠶᠢᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号