ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠮᠡᠳᠡᠯᠬᠡ ᠶᠢᠨ ᠦᠮᠴᠢᠯᠡᠯ ᠤᠨ ᠡᠷᠬᠡ ᠪᠠ ᠤᠷᠤᠨ ᠪᠦᠰᠡ ᠶᠢᠨ ᠬᠦᠭᠵᠢᠯᠳᠡ ᠶᠢᠨ ᠵᠤᠬᠢᠴᠠᠩᠭᠤᠢ ᠰᠢᠨ᠎ᠡ ᠶᠢ ᠡᠬᠦᠳᠬᠦ ᠲᠦᠪ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2018-05-08
      4 ᠰᠠᠷ᠎ᠠ ᠶᠢᠨ 26 ᠤ ᠡᠳᠦᠷ᠂ ᠳᠤᠮᠳᠠᠳᠤ ᠮᠤᠩᠭᠤᠯ ᠤᠨ ᠮᠡᠳᠡᠯᠬᠡ ᠶᠢᠨ ᠦᠮᠴᠢᠯᠡᠯ ᠤᠨ ᠡᠷᠬᠡ ᠶᠢᠨ ᠶᠠᠷᠢᠶᠠᠨ ᠤ ᠳᠠᠪᠴᠠᠩ ᠵᠢᠴᠢ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠮᠡᠳᠡᠯᠬᠡ ᠶᠢᠨ ᠦᠮᠴᠢᠯᠡᠯ ᠤᠨ ᠡᠷᠬᠡ ᠪᠠ ᠤᠷᠤᠨ ᠪᠦᠰᠡ ᠶᠢᠨ ᠬᠦᠭᠵᠢᠯᠳᠡ ᠶᠢᠨ ᠵᠤᠬᠢᠴᠠᠩᠭᠤᠢ ᠰᠢᠨ᠎ᠡ ᠶᠢ ᠡᠬᠦᠳᠬᠦ ᠲᠦᠪ ᠪᠠᠶᠢᠭᠤᠯᠤᠭᠳᠠᠬᠤ ᠶᠤᠰᠤᠯᠠᠯ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠳᠤ ᠶᠠᠪᠤᠭᠳᠠᠪᠠ᠃          ᠤᠢᠢᠯᠠᠭᠠᠭᠰᠠᠨ ᠢᠶᠠᠷ᠂ ᠮᠡᠳᠡᠯᠬᠡ ᠶᠢᠨ ᠦᠮᠴᠢᠯᠡᠯ ᠤᠨ ᠡᠷᠬᠡ ᠪᠠ ᠤᠷᠤᠨ ᠪᠦᠰᠡ ᠶᠢᠨ ᠬᠦᠭᠵᠢᠯᠳᠡ ᠶᠢᠨ ᠵᠤᠬᠢᠴᠠᠩᠭᠤᠢ ᠰᠢᠨ᠎ᠡ ᠶᠢ ᠡᠬᠦᠳᠬᠦ ᠲᠦᠪ ᠪᠤᠯ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠰᠤᠷᠭᠠᠨ ᠬᠦᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠵᠢᠴᠢ ᠦᠪᠡᠷᠳᠡᠬᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ︽2011 ᠲᠦᠯᠦᠪᠯᠡᠭᠡ︾ ᠶᠢᠨ ᠬᠠᠮᠢᠶ᠎ᠠ ᠪᠦᠬᠦᠢ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠵᠦ ᠪᠠᠶᠢᠭᠤᠯᠤᠭᠰᠠᠨ ᠮᠠᠨ ᠤ ᠤᠷᠤᠨ ᠤ ᠲᠦᠷᠦᠭᠦᠤ ᠪᠦᠯᠦᠭ ᠤᠨ ᠰᠤᠷᠭᠠᠭᠤᠯᠢ ᠶᠢᠨ ᠳᠡᠰ ᠤᠨ ᠵᠤᠬᠢᠴᠠᠩᠭᠤᠢ ᠰᠢᠨ᠎ᠡ ᠶᠢ ᠡᠬᠦᠷᠬᠦ ᠲᠦᠪ ᠤᠨ ᠨᠢᠭᠡ ᠨᠢ ᠪᠤᠯᠤᠨ᠎ᠠ᠃ ᠳᠤᠰ ᠲᠦᠪ ᠨᠢ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠴᠢᠬᠤᠯᠠ ᠰᠢᠨ᠎ᠡ ᠶᠢ ᠡᠬᠦᠳᠬᠦ ᠰᠢᠨ᠎ᠡ ᠱᠠᠭᠠᠷᠳᠠᠯᠭ᠎ᠠ ᠶᠤᠰᠤᠭᠠᠷ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠰᠢᠨᠵᠢᠯᠡᠬᠡᠨ ᠤ ᠰᠠᠯᠠᠭ᠎ᠠ ᠶᠢᠨ ᠳᠤᠰᠬᠠᠢ ᠮᠡᠷᠬᠡᠵᠢᠯ ᠤᠨ ᠳᠠᠪᠠᠭᠤᠯᠢᠭ ᠢ ᠪᠠᠳᠠᠷᠠᠭᠤᠯᠵᠤ᠂ ᠤᠷᠤᠨ ᠪᠦᠰᠡ ᠠᠯᠤᠰᠯᠠᠭᠰᠠᠨ᠂ ᠰᠢᠨᠵᠢᠯᠡᠬᠡᠨ ᠤ ᠰᠠᠯᠠᠭ᠎ᠠ ᠠᠯᠤᠰᠯᠠᠭᠰᠠᠨ ᠵᠤᠬᠢᠴᠠᠩᠭᠤᠢ ᠰᠢᠨ᠎ᠡ ᠶᠢ ᠡᠬᠦᠳᠬᠦ ᠵᠠᠭᠪᠤᠷ ᠢ ᠰᠦᠪᠡᠭᠴᠢᠯᠡᠵᠦ᠂ ᠤᠯᠠᠨ ᠡᠰᠢᠴᠢᠯᠡᠭᠰᠡᠨ ᠦᠷ᠎ᠠ ᠪᠦᠳᠦᠬᠡᠯ ᠢ ᠬᠤᠪᠢᠷᠠᠭᠤᠯᠬᠤ ᠪᠠ ᠳᠡᠯᠬᠡᠷᠡᠬᠦᠯᠬᠦ ᠰᠢᠰᠲ᠋ᠧᠮ ᠢ ᠪᠠᠶᠢᠭᠤᠯᠵᠤ᠂ ᠵᠠᠰᠠᠭ ᠤᠨ ᠤᠷᠳᠤᠨ ᠪᠠ ᠠᠵᠤ ᠠᠬᠤᠢᠢᠯᠠᠯ ᠤᠨ ᠨᠡᠬᠡᠬᠡᠯᠳᠡᠳᠦ᠂ ᠡᠷᠬᠡ ᠰᠦᠷᠳᠤ᠂ ᠳᠡᠯᠡᠬᠡᠶᠢᠵᠢᠭᠰᠡᠨ ᠮᠡᠳᠡᠯᠬᠡ ᠶᠢᠨ ᠦᠮᠴᠢᠯᠡᠯ ᠤᠨ ᠡᠷᠬᠡ ᠶᠢᠨ ᠠᠰᠠᠭᠤᠨ ᠯᠠᠪᠯᠠᠭ᠎ᠠ ᠶᠢᠨ ᠦᠢᠯᠡᠴᠢᠯᠡᠬᠡᠨ ᠤ ᠪᠠᠶᠢᠭᠤᠯᠤᠮᠵᠢ ᠪᠤᠯᠭᠠᠬᠤ ᠪᠠᠷ ᠴᠢᠷᠮᠠᠶᠢᠵᠤ ᠪᠤᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号