| | | 4 ᠳ᠋ᠦ᠋ᠭᠡᠷ ᠰᠠᠷ᠎ᠠ ᠶᠢᠨ20 ᠠᠴᠠ21 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠰᠢᠶᠠᠨ ᠤ ᠳᠠᠷᠤᠭ᠎ᠠ ᠴᠧᠨ ᠯᠢ ᠶᠢᠨ᠂ ᠰᠢᠨ ᠳ᠋ᠢᠶᠠᠨ ᠽᠢ ᠪᠠᠯᠭᠠᠰᠣᠨ ᠳᠤ ᠭᠦᠨᠵᠡᠭᠡᠶᠢᠷᠡᠵᠦ᠂ ᠠᠶᠢᠯ ᠲᠣᠰᠬᠤᠨ | ᠡᠷᠦᠬᠡ ᠬᠡᠷ ᠢᠶᠠᠷ ᠣᠷᠣᠨ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠲᠦᠯᠬᠢᠨ ᠠᠬᠢᠭᠤᠯᠬᠤ ᠲᠣᠬᠠᠢ | ᠪᠠᠶᠢᠴᠠᠭᠠᠨ ᠰᠢᠨᠵᠢᠯᠡᠯᠲᠡ ᠬᠢᠵᠦ᠂ ᠪᠦᠬᠦ ᠰᠢᠶᠠᠨ ᠤ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠪᠠ ᠶᠠᠳᠠᠭᠤ ᠠᠴᠠ | ᠠᠩᠭᠢᠵᠢᠷᠠᠭᠤᠯᠬᠤ ᠠᠵᠢᠯ ᠳᠤ ᠨᠠᠷᠢᠯᠢᠭ ᠪᠠᠶᠢᠴᠠᠭᠠᠯᠲᠠ ᠬᠢᠪᠡ᠃ | ᠰᠢᠨ ᠳ᠋ᠢᠶᠠᠨ ᠽᠢ ᠪᠠᠯᠭᠠᠰᠤᠨ ᠤ ᠳ᠋ᠢᠶᠠᠨ ᠸᠠᠨ ᠲᠣᠰᠬᠤᠨ ᠤ ᠲᠠᠷᠢᠶᠠᠴᠢᠨ ᠵᠠᠩ ᠡᠯ ᠸᠧᠨ ᠪᠣᠯ ᠴᠧᠨ ᠯᠢ | ᠶᠢᠨ ᠳᠤ ᠬᠤᠪᠢᠶᠠᠭᠳᠠᠭᠰᠠᠨ ᠶᠠᠳᠠᠭᠤ ᠬᠦᠴᠢᠷᠳᠡᠯᠲᠡᠶ ᠡᠷᠦᠬᠡ ᠪᠣᠯᠬᠤ ᠶᠤᠮ᠂ ᠠᠭᠤᠰᠬᠢᠨ ᠤ ᠬᠡᠢ ᠬᠠᠪᠤᠩ | ᠡᠪᠡᠳᠴᠢᠨ ᠲᠠᠢ᠂ ᠭᠡᠷ ᠲᠡᠭᠡᠨ 4 ᠠᠮᠠ ᠬᠥᠮᠦᠨ ᠲᠠᠢ᠂ 2017 ᠣᠨ ᠳᠤ ᠡᠪᠡᠳᠴᠢᠨ ᠠᠴᠠ ᠪᠣᠯᠵᠤ ᠳᠠᠬᠢᠨ | ᠶᠠᠳᠠᠭᠤᠷᠠᠵᠣ᠂ ᠨᠢᠳᠤᠨᠤᠨ ᠵᠢᠯ ᠤᠨ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ 1900 ᠭᠠᠷᠤᠶ ᠲᠥᠭᠦᠷᠢᠭ | ᠪᠠᠶᠢᠪᠠ᠃ ᠴᠧᠨ ᠯᠢ ᠶᠢᠨ ᠶᠠᠭᠤᠨ ᠤ ᠤᠷᠢᠳ ᠲᠡᠭᠦᠨ ᠤ ᠭᠡᠷ ᠤᠨ ᠶᠠᠳᠠᠭᠤᠷᠠᠭᠰᠠᠨ ᠰᠢᠯᠲᠠᠭᠠᠨ ᠢ ᠨᠠᠷᠢᠨ | ᠣᠶᠢᠯᠠᠭᠠᠵᠤ᠂ ᠲᠡᠭᠦᠨ ᠳᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠠᠷᠭ᠎ᠠ ᠪᠤᠳᠤᠵᠤ᠂ ᠲᠡᠷᠡᠴᠢᠯᠡᠨ | ᠬᠤᠪᠢ ᠶᠢᠨ ᠢᠶᠠᠨ ᠨᠡᠷ᠎ᠡ ᠪᠠᠷ ᠲᠣᠬᠤᠨᠢᠭᠤᠯᠬᠤ ᠮᠥᠩᠭᠦ ᠬᠦᠷᠭᠡᠪᠡ᠃ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ | ᠳᠠᠩᠰᠠ ᠡᠪᠬᠡᠮᠡᠯ ᠤᠨ ᠮᠠᠲ᠋ᠧᠷᠢᠶᠠᠯ ᠢ ᠬᠢᠨᠠᠮᠠᠭᠠᠢ ᠦᠵᠡᠵᠦ᠂ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠤᠨ | ᠣᠳᠣᠬᠢ ᠪᠠᠶᠢᠳᠠᠯ ᠢ ᠣᠶᠢᠯᠠᠭᠠᠵᠣ᠂ ᠳᠠᠷᠠᠭ᠎ᠠ ᠠᠯᠬᠤᠮ ᠤᠨ ᠬᠥᠭᠵᠢᠯᠲᠡ ᠶᠢᠨ ᠲᠥᠯᠥᠪᠯᠡᠭᠡ ᠶᠢ ᠠᠰᠠᠭᠤᠭᠰᠠᠨ ᠤ | ᠳᠠᠷᠠᠭ᠎ᠠ᠂ ᠴᠧᠨ ᠯᠢ ᠶᠢᠨ ᠲᠣᠰᠬᠤᠨ ᠤ ᠨᠢᠭᠡᠳᠦᠭᠡᠷ ᠱᠦᠵᠢ ᠪᠣᠯᠣᠨ ᠬᠤᠶᠠᠷ ᠵᠥᠪᠯᠡᠯ ᠤᠨ ᠤᠳᠤᠷᠢᠳᠬᠤ ᠪᠠᠭ | ᠳᠤ ᠨᠠᠶᠢᠳᠠᠵᠣ᠂ ᠡᠷᠦᠬᠡ ᠪᠦᠷᠢ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠬᠡᠮᠵᠢᠶ᠎ᠡ ᠠᠪᠴᠣ᠂ ᠶᠠᠳᠠᠭᠤ | ᠬᠦᠴᠢᠷᠳᠡᠯᠲᠡᠶ ᠡᠷᠦᠬᠡ ᠶᠢᠨ ᠪᠣᠳᠠᠲᠠᠶ ᠪᠠᠶᠢᠳᠠᠯ ᠪᠣᠯᠣᠨ ᠬᠡᠷᠡᠭᠴᠡᠭᠡ ᠶᠢ ᠦᠨᠳᠦᠰᠦᠯᠡᠨ᠂ ᠤᠨᠢᠨ ᠳᠡᠭᠡᠷ᠎ᠡ ᠨᠢ | ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠶᠠᠳᠠᠭᠤᠷᠠᠭᠰᠠᠨ ︽ᠤᠭ ᠦᠨᠳᠦᠰᠦ︾ ᠶᠢ | ᠣᠨᠣᠪᠴᠢᠲᠠᠶ ᠡᠷᠢᠵᠦ ᠣᠯᠬᠤ ᠮᠥᠷᠲᠡᠭᠡᠨ ᠪᠠᠰᠠ ᠵᠣᠬᠢᠰᠲᠠᠢ ᠠᠷᠭ᠎ᠠ ᠬᠡᠮᠵᠢᠶ᠎ᠡ ᠠᠪᠴᠣ᠂ ᠤᠯᠡᠨ ᠲᠦᠮᠡᠨ ᠤ ᠬᠦᠰᠡᠯ | ᠰᠠᠨᠠᠭ᠎ᠠ ᠶᠢ ᠬᠦᠨᠳᠦᠳᠬᠡᠨ᠂ ᠨᠡᠶᠢᠯᠡᠮᠡᠯ ᠬᠦᠴᠦ ᠶᠢ ᠪᠦᠷᠢᠯᠳᠦᠭᠦᠯᠵᠦ᠂ ᠬᠦᠴᠢᠷᠳᠡᠯᠲᠡᠢ ᠡᠷᠦᠬᠡ ᠶᠢ ᠡᠷᠲᠡᠬᠡᠨ | ᠶᠠᠳᠠᠭᠤ ᠠᠴᠠ ᠠᠩᠭᠢᠵᠢᠷᠠᠭᠤᠯᠵᠤ᠂ ᠪᠠᠶᠠᠵᠢᠯ ᠤᠨ ᠵᠠᠮ ᠳᠤ ᠣᠷᠣᠭᠤᠯᠬᠤ ᠬᠡᠷᠡᠭᠲᠡᠢ ᠭᠡᠪᠡ᠃ ᠴᠧᠨ ᠯᠢ ᠶᠢᠨ ᠪᠠᠰᠠ | ᠵᠢᠶᠣᠣ ᠨᠢ ᠸᠠᠨ ᠲᠣᠰᠬᠤᠨ᠂ ᠬᠠᠶᠢᠯᠠᠰᠣᠨᠬᠤᠲᠠ ᠲᠣᠰᠬᠤᠨ ᠵᠡᠷᠭᠡ ᠭᠠᠵᠠᠷ ᠲᠤ ᠬᠦᠷᠴᠦ ᠪᠠᠶᠢᠴᠠᠭᠠᠨ ᠰᠢᠨᠵᠢᠯᠡᠯᠲᠡ | ᠬᠢᠵᠦ᠂ ᠣᠴᠢᠭᠰᠠᠨ ᠡᠷᠦᠬᠡ ᠪᠣᠯᠭᠠᠨ ᠤ ᠣᠷᠣᠨ ᠰᠠᠭᠤᠴᠠ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠣ᠂ | ᠲᠣᠰᠬᠤᠨ ᠤ ᠠᠷᠠᠳ ᠲᠠᠢ ᠳᠣᠲᠣᠨᠣᠰᠤᠭ ᠢᠶᠠᠷ ᠶᠠᠷᠢᠯᠴᠠᠨ᠂ ᠶᠠᠳᠠᠭᠤ ᠬᠦᠴᠢᠷᠳᠡᠯᠲᠡᠢ ᠡᠷᠦᠬᠡ ᠶᠢᠨ ᠦᠢᠯᠡᠳᠪᠦᠷᠢᠯᠡᠯ᠂ | ᠠᠮᠢᠳᠤᠷᠠᠯ ᠤᠨ ᠪᠠᠶᠢᠳᠠᠯ ᠢ ᠨᠠᠷᠢᠯᠢᠭ ᠠᠰᠠᠭᠤᠨ ᠯᠠᠪᠯᠠᠭᠰᠠᠨ ᠪᠠᠶᠢᠨ᠎ᠠ᠃ ᠡᠭᠦᠨ ᠤ ᠬᠠᠮᠲᠤ ᠲᠡᠳᠡᠨ ᠳᠤ ᠤᠯᠤᠰ ᠤᠨ | ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠶᠠᠳᠠᠭᠤ ᠶᠢ ᠲᠡᠳᠬᠦᠬᠦ ᠪᠣᠭᠤᠮᠲᠠ ᠰᠢᠪᠲᠣᠯᠬᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠲᠠᠨᠢᠯᠴᠠᠭᠤᠯᠵᠤ᠂ ᠲᠡᠲᠡᠨ ᠤ ᠢᠲᠡᠭᠡᠯ ᠵᠣᠷᠢᠭ ᠢ ᠬᠦᠪᠴᠢᠯᠡᠵᠦ᠂ ᠥᠪᠡᠷᠮᠢᠴᠡ ᠣᠨᠴᠠᠯᠢᠭ ᠪᠦᠬᠦᠢ ᠶᠠᠳᠠᠭᠤ ᠶᠢ | ᠲᠡᠳᠬᠦᠬᠦ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠶᠠᠳᠠᠭᠤ ᠠᠴᠠ ᠠᠩᠭᠢᠵᠢᠷᠠᠨ ᠪᠠᠶᠠᠵᠢᠬᠤ ᠠᠯᠬᠤᠴᠠ ᠪᠠᠨ | ᠲᠦᠷᠭᠡᠳᠬᠡᠵᠦ᠂ ᠠᠮᠢᠳᠤᠷᠠᠯ ᠢᠶᠠᠨ ᠠᠯᠬᠤᠮ ᠠᠯᠬᠤᠮ ᠢᠶᠠᠷ ᠰᠠᠶᠢᠵᠢᠷᠠᠭᠤᠯᠬᠤ ᠬᠡᠷᠡᠭᠲᠡᠶ ᠭᠡᠵᠡᠢ᠃ | ᠪᠠᠶᠢᠴᠠᠭᠠᠨ ᠰᠤᠳᠤᠯᠤᠯᠲᠠ ᠬᠢᠬᠦ ᠳᠤᠮᠳᠠ ᠴᠧᠨ ᠯᠢ ᠶᠢᠨ ᠴᠢᠬᠤᠯᠠᠴᠢᠯᠠᠭᠰᠠᠨ ᠨᠢ᠂ ᠣᠨᠢᠨ ᠳᠡᠭᠡᠷ᠎ᠡ ᠨᠢ | ᠶᠠᠳᠠᠭᠤ ᠶᠢ ᠲᠡᠳᠬᠦᠬᠦ ᠠᠵᠢᠯ ᠢ ᠥᠷᠨᠢᠭᠦᠯᠬᠦ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠡᠯ᠎ᠡ | ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠬᠤ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠰᠠᠯᠠᠭ᠎ᠠ ᠮᠦᠴᠢᠷ᠂ ᠰᠢᠶᠠᠩ ᠪᠠᠯᠭᠠᠰᠣ ᠬᠠᠮᠵᠢᠯᠴᠠᠨ᠂ ᠪᠠᠯᠭᠠᠰᠤ᠂ | ᠰᠢᠶᠠᠩ᠂ ᠲᠣᠰᠬᠤᠨ ᠤ ᠺᠠᠳ᠋ᠷ ᠪᠣᠳᠠᠲᠠᠶ ᠪᠠᠷ ᠠᠵᠢᠯᠯᠠᠵᠣ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠪᠣᠭᠤᠮᠲᠠ | ᠰᠢᠪᠲᠣᠯᠬᠤ ᠬᠦᠴᠦᠯᠡᠴᠡ ᠪᠠᠨ ᠦᠷᠭᠦᠯᠵᠢᠯᠡᠨ ᠴᠢᠩᠭᠠᠷᠠᠭᠤᠯᠵᠤ᠂ ᠴᠠᠭ ᠬᠤᠭᠤᠴᠠᠭ᠎ᠠ᠂ ᠬᠥᠮᠦᠨ ᠤ ᠬᠦᠴᠦ ᠂ ᠪᠡᠯᠡ | ᠮᠥᠩᠭᠦ ᠶᠢ ᠲᠥᠪᠯᠡᠷᠡᠭᠦᠯᠦᠨ᠂ ᠪᠦᠬᠦ ᠬᠦᠴᠦ ᠪᠠᠷ ᠶᠠᠳᠠᠭᠤ ᠶᠢ ᠲᠡᠳᠬᠦᠨ ᠨᠡᠭᠡᠭᠡᠨ ᠬᠥᠭᠵᠢᠭᠦᠯᠬᠦ ᠪᠣᠭᠤᠮᠲᠠ | ᠰᠢᠪᠲᠤᠯᠬᠤ ᠠᠵᠢᠯ ᠢ ᠰᠠᠶᠢᠲᠣᠷ ᠬᠢᠬᠦ ᠬᠡᠷᠡᠭᠲᠡᠢ︔ ᠭᠠᠵᠠᠷ ᠣᠷᠣᠨ ᠤ ᠪᠠᠶᠢᠳᠠᠯ ᠪᠣᠯᠣᠨ ᠡᠷᠦᠬᠡ ᠶᠢᠨ ᠪᠠᠶᠢᠳᠠᠯ ᠳᠤᠨᠢ | ᠲᠣᠬᠢᠷᠠᠭᠤᠯᠤᠨ ᠠᠷᠭ᠎ᠠ ᠬᠡᠮᠵᠢᠶ᠎ᠡ ᠠᠪᠬᠤ ᠵᠠᠷᠴᠢᠮ ᠢ ᠪᠠᠷᠢᠮᠲᠠᠯᠠᠵᠤ᠂ ᠨᠢᠭᠡ ᠡᠷᠦᠬᠡ ᠨᠢᠭᠡ ᠳᠠᠩᠰᠠ ᠶᠢᠨ | ᠳᠦᠷᠢᠮᠵᠢᠭᠰᠡᠨ ᠬᠠᠮᠢᠶᠠᠷᠣᠯᠲᠠ ᠶᠢ ᠰᠠᠶᠢᠲᠣᠷ ᠬᠢᠵᠦ᠂ ᠣᠳᠣᠷᠢᠳᠣᠯᠭ᠎ᠠ ᠲᠣᠰᠬᠤᠨ ᠢ ᠳᠠᠭᠠᠭᠠᠴᠢᠯᠠᠬᠤ᠂ ᠰᠠᠯᠠᠭ᠎ᠠ | ᠮᠥᠴᠢᠷ ᠬᠠᠪᠰᠤᠷᠤᠨ ᠲᠡᠳᠬᠦᠬᠦ᠂ ᠲᠣᠰᠬᠤᠨ ᠳᠤ ᠰᠠᠭᠤᠭ᠎ᠠ ᠺᠠᠳ᠋ᠷ ᠵᠡᠷᠭᠡ ᠲᠣᠭᠲᠠᠴᠠ ᠶᠢ ᠨᠠᠶᠢᠳᠠᠪᠣᠷᠢᠵᠢᠭᠤᠯᠵᠣ᠂ | ᠠᠵᠤ ᠦᠢᠯᠡᠰ ᠢ ᠬᠥᠭᠵᠢᠭᠦᠯᠬᠦ᠂ ᠣᠨᠳᠣᠤ ᠭᠠᠵᠠᠷ ᠲᠤ ᠨᠡᠭᠦᠯᠭᠡᠬᠦ᠂ ᠠᠮᠢ ᠠᠬᠤᠶ ᠶᠢᠨ ᠨᠥᠬᠦᠪᠥᠷᠢ ᠣᠯᠭᠤᠬᠤ᠂ | ᠰᠤᠷᠭᠠᠨ ᠬᠥᠮᠦᠵᠢᠯ ᠢ ᠬᠥᠭᠵᠢᠭᠦᠯᠬᠦ᠂ ᠨᠡᠶᠢᠭᠡᠮ ᠤᠨ ᠪᠠᠲᠤᠯᠠᠭ᠎ᠠ ᠪᠠᠷ ᠪᠦᠬᠦᠨ ᠢ ᠬᠠᠮᠤᠷᠤᠭᠤᠯᠬᠤ᠂ ᠠᠳᠠᠯ ᠦᠢᠯᠡᠰ | ᠴᠣᠭᠴᠠᠯᠠᠵᠣ ᠠᠵᠢᠯ ᠣᠯᠭᠤᠬᠤ ᠶᠢ ᠲᠦᠯᠬᠢᠨ ᠠᠬᠢᠭᠤᠯᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠠᠪᠴᠣ᠂ | ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠠᠯᠢ ᠲᠦᠷᠭᠡᠨ ᠢᠶᠠᠷ ᠶᠠᠳᠠᠭᠤ ᠠᠴᠠ ᠠᠩᠭᠢᠵᠢᠷᠠᠭᠤᠯᠬᠤ ᠬᠡᠷᠡᠭᠲᠡᠢ᠃ | ᠶᠠᠳᠠᠭᠤ ᠶᠢ ᠲᠡᠳᠬᠦᠬᠦ ᠳᠤ ᠤᠷᠢᠳᠠᠪᠠᠷ ᠡᠷᠴᠢ ᠵᠣᠷᠢᠭ ᠢ ᠬᠦᠪᠴᠢᠯᠡᠵᠦ᠂ ᠶᠠᠳᠠᠭᠤ ᠬᠦᠴᠢᠷᠳᠡᠯᠲᠡᠶ ᠤᠯᠠᠨ | ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠦᠭᠵᠢᠭᠡᠵᠦ᠂ ᠥᠪᠡᠷ ᠤᠨ ᠬᠦᠴᠦ ᠪᠠᠷ ᠢᠶᠠᠨ ᠳᠡᠭᠵᠢᠷᠡᠵᠦ᠂ | ᠥᠪᠡᠷ ᠤᠨ ᠬᠥᠳᠡᠯᠮᠦᠷᠢ ᠪᠠᠷ ᠢᠶᠠᠨ ᠪᠠᠶᠠᠵᠢᠵᠣ᠂ ᠡᠷᠲᠡᠬᠡᠨ ᠶᠠᠳᠠᠭᠤ ᠠᠴᠠ ᠠᠩᠭᠢᠵᠢᠷᠠᠬᠤ ᠬᠡᠷᠡᠭᠲᠡᠢ︔ ᠰᠢᠮᠳᠠᠭᠤᠯᠣᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠲᠣᠭᠲᠠᠭᠰᠠᠨ ᠴᠠᠭ ᠤᠨ ᠳᠠᠷᠠᠭᠠᠯᠠᠯ ᠢᠶᠠᠷ ᠰᠢᠮᠳᠠᠭᠤᠯᠤᠨ | ᠪᠠᠶᠢᠴᠠᠭᠠᠵᠣ᠂ ᠠᠵᠢᠯ ᠢ ᠲᠦᠷᠭᠡᠨ ᠠᠬᠢᠭᠤᠯᠵᠤ᠂ ᠡᠷᠲᠡᠬᠡᠨ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃ | |