ᠰᠢ ᠶᠢᠨ ᠫᠢᠩ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠬᠤᠲᠠ ᠶᠢᠨ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠠᠬᠢᠭᠤᠯᠬᠤ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠲᠠ᠂ 5 ᠰᠠᠷ᠎ᠠ ᠶᠢᠨ 5 ᠤ ᠡᠳᠦᠷ᠂ ᠰᠠᠶᠢᠬᠠᠨ | ᠲᠣᠭᠤᠷᠢᠭ ᠤᠨ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ | ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠦᠨ ᠵᠦᠩ ᠾᠸᠦ | ᠬᠤᠷᠠᠯ ᠳᠤ ᠰᠠᠭᠠᠲᠠᠵᠤ ᠶᠠᠷᠢᠶ᠎ᠠ ᠲᠠᠯᠪᠢᠪᠠ᠂ ᠣᠷᠣᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ | ᠵᠢᠴᠢ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠪᠢᠩ ᠡᠷᠬᠢᠯᠡᠵᠡᠢ | ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠲᠤᠭᠤᠷᠢᠭ ᠳᠠᠶᠠᠭᠠᠷ ᠢᠶᠠᠨ ᠤᠯᠤᠰ ᠲᠦᠷᠤ ᠶᠢᠨ ᠵᠤᠭᠰᠤᠴᠠ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ | ᠬᠠᠲᠠᠭᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠪᠣᠯ ᠮᠠᠨ ᠤ ᠨᠠᠮ ᠤᠨ ᠤᠯᠤᠰ ᠤᠨ ᠳᠣᠲᠣᠭᠠᠳᠤ ᠭᠠᠳᠠᠭᠠᠳᠤ ᠳᠤ ᠭᠠᠷᠭᠠᠭᠰᠠᠨ ᠲᠥᠪ ᠴᠢᠩᠭ᠎ᠠ | ᠠᠮᠠᠯᠠᠯᠲᠠ ᠮᠥᠨ᠃ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠣᠩᠭᠤᠭᠤᠯᠢ ᠳᠤ ᠣᠷᠣᠯᠴᠠᠭᠰᠠᠨ ᠪᠤᠯ ᠨᠠᠮ ᠤᠨ ᠲᠥᠪ ᠬᠤᠷᠢᠶ᠎ᠠ ᠠᠴᠠ ᠦᠨᠳᠦᠰᠦᠲᠡᠨ ᠤ | ᠭᠠᠵᠠᠷ ᠣᠷᠣᠨ᠂ ᠬᠢᠯᠢ ᠬᠢᠵᠠᠭᠠᠷ ᠤᠷᠤᠨ ᠢ ᠴᠢᠬᠤᠯᠠᠴᠢᠯᠠᠨ ᠦᠵᠡᠵᠦ ᠪᠠᠶᠢᠭ᠎ᠠ ᠮᠦᠷᠲᠡᠭᠡᠨ ᠨᠠᠮ ᠤᠨ ᠲᠥᠪ | ᠬᠤᠷᠢᠶ᠎ᠠ ᠬᠥᠭᠵᠢᠭᠡᠳᠦᠶ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠡᠷᠡᠰ ᠵᠤᠷᠢᠭ ᠲᠠᠢ ᠪᠠᠶᠢᠬᠤ ᠶᠢ ᠬᠠᠷᠠᠭᠤᠯᠵᠤ ᠪᠠᠶᠢᠨ᠎ᠠ᠃ | ᠪᠦᠬᠦ ᠣᠷᠣᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠲᠦᠷᠪᠡᠨ ᠤᠬᠠᠮᠰᠠᠷ︾ ᠢ ᠪᠠᠲᠤ ᠪᠠᠬᠢ ᠪᠤᠢ | ᠪᠣᠯᠭᠠᠵᠤ ᠂ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠬᠠᠷᠠᠯᠲᠠ ᠪᠠᠨ ᠨᠢᠭᠡᠳᠭᠡᠨ᠎ᠡ᠂ ᠨᠡᠩ ᠢᠯᠠᠩᠭᠤᠶ᠎ᠠ 2017 | ᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠲᠤᠬᠠᠶ | ᠲᠥᠪ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠪᠠᠶᠢᠴᠠᠭᠠᠨ ᠦᠵᠡᠵᠦ᠂ ᠭᠦᠨᠵᠡᠭᠡᠶ ᠲᠤᠩᠭᠠᠨ | ᠪᠣᠳᠣᠯᠬᠢᠯᠠᠵᠤ᠂ ᠪᠦᠬᠦ ᠬᠦᠴᠦᠨ ᠢᠶᠠᠷ ᠢᠶᠠᠨ ᠡᠷᠭᠢᠯᠲᠡ ᠭᠠᠷᠭᠠᠬᠤ ᠠᠵᠢᠯᠯᠠᠭ᠎ᠠ᠂ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠬᠡᠷᠡᠭᠲᠡᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ ᠬᠡᠰᠡᠭ ᠭᠠᠵᠠᠷ ᠣᠷᠣᠨ ᠳᠤ ᠤᠨᠢᠨ ᠳᠡᠭᠡᠷ᠎ᠡ ᠬᠠᠪᠰᠤᠷᠤᠨ | ᠲᠡᠳᠬᠦᠬᠦ ᠠᠵᠢᠯ ᠯᠠᠪᠳᠠᠭᠤᠨ ᠬᠢᠭᠰᠡᠨ ᠤᠢᠭᠡᠢ ᠪᠠᠶᠢᠳᠠᠯ ᠮᠥᠨ ᠯᠡ ᠣᠷᠣᠰᠢᠭᠰᠠᠭᠠᠷ ᠪᠠᠶᠢᠨ᠎ᠠ ᠂ ᠶᠠᠳᠠᠭᠤ ᠶᠢ | ᠲᠡᠳᠬᠦᠬᠦ ᠲᠦᠷᠦ ᠶᠢᠨ ᠪᠤᠳᠤᠯᠭ᠎ᠠ ᠶᠢ ᠪᠦᠷᠢᠨ ᠨᠠᠶᠢᠳᠠᠪᠤᠷᠢᠵᠢᠭᠤᠯᠤᠭᠰᠠᠨ ᠦᠭᠡᠢ᠂ ᠶᠠᠳᠠᠭᠤ ᠬᠦᠴᠢᠷᠳᠡᠯ ᠲᠠᠢ | ᠪᠠᠶᠢᠳᠠᠯ ᠢ ᠤᠨᠤᠪᠴᠢᠲᠠᠢᠢᠯᠭᠠᠬᠤ ᠦᠭᠡᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠬᠠᠷᠢᠭᠤᠴᠠᠯᠭ᠎ᠠ ᠪᠠᠨ | ᠭᠦᠢᠴᠡᠳᠭᠡᠬᠦ ᠦᠭᠡᠢ᠂ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠪᠠᠯᠭᠠᠰᠤᠨ ᠤ ᠵᠡᠭᠡᠯᠢ | ᠭᠤᠳᠤᠮᠵᠢ ᠶᠢᠨ ᠺᠠᠳ᠋ᠷ ᠤᠨ ᠦᠵᠡᠯ ᠰᠠᠨᠠᠭ᠎ᠠ ᠲᠠᠨᠢᠯᠲᠠ ᠳᠤᠲᠠᠮᠠᠭ᠂ ᠴᠢᠳᠠᠯ ᠮᠡᠬᠦᠰ᠂ ᠠᠵᠢᠯᠯᠠᠬᠤ ᠤᠪᠤᠷ ᠵᠦᠭᠡᠯᠡᠨ᠂ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠣᠲᠣᠷ᠎ᠠ ᠬᠥᠳᠡᠯᠭᠡᠬᠦ ᠬᠦᠴᠦᠨ ᠭᠦᠢᠴᠡᠳ ᠪᠤᠰᠤ ᠪᠠᠶᠢᠬᠤ ᠵᠡᠷᠭᠡ | ᠳᠤᠪᠤᠶᠢᠮ᠎ᠠs ᠠᠰᠠᠭᠤᠳᠠᠯ ᠤᠳ ᠤᠷᠤᠰᠢᠵᠤ ᠪᠠᠶᠢᠨ᠎ᠠ᠃ ᠠᠰᠠᠭᠤᠳᠠᠯ ᠠᠴᠠ ᠵᠠᠶᠢᠯᠠᠵᠤ ᠪᠤᠯᠬᠤ ᠦᠭᠡᠢ᠂ ᠨᠡᠩ | ᠨᠢᠭᠤᠵᠦ ᠬᠠᠯᠬᠠᠯᠠᠵᠤ ᠪᠤᠯᠬᠤ ᠦᠭᠡᠢ᠂ ᠪᠦᠬᠦ ᠣᠷᠣᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠡᠷᠬᠡᠪᠰᠢ | ᠠᠷᠪᠠᠨ ᠬᠤᠶᠠᠷ ᠬᠤᠪᠢ ᠶᠢᠨ ᠵᠣᠷᠢᠭ ᠰᠠᠨᠠᠭ᠎ᠠ ᠪᠠᠷ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠨᠢᠭᠡᠳᠦᠭᠡᠷ ᠹᠷᠣᠨᠲ ᠂ ᠬᠠᠮᠤᠭ ᠤᠨ ᠡᠮᠦᠨ᠎ᠡ ᠵᠠᠬ᠎ᠠ ᠳᠤ ᠣᠷᠣᠯᠴᠠᠭᠤᠯᠵᠤ᠂ ᠡᠯ᠎ᠡ ᠵᠦᠢᠯ ᠤᠨ | ᠬᠠᠷᠠᠯᠲᠠ ᠡᠭᠦᠷᠭᠡ ᠶᠢ ᠲᠡᠭᠦᠰ ᠠᠮᠵᠢᠯᠲᠠᠲᠠᠶ ᠪᠠᠷ ᠪᠡᠶᠡᠯᠡᠭᠳᠡᠬᠦ ᠶᠢ ᠪᠠᠲᠤᠯᠠᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ | ᠬᠤᠯᠪᠣᠭᠳᠠᠬᠤ ᠵᠡᠭᠡᠯᠢ ᠭᠤᠳᠤᠮᠵᠢ ᠶᠢᠨ ᠨᠠᠮ ᠤᠨ ︵ᠠᠵᠢᠯᠯᠠᠬᠤ ᠬᠤᠷᠢᠶ᠎ᠠ︶ ᠬᠤᠷᠢᠶ᠎ᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠲᠠᠭᠰᠢᠷᠠᠭᠤᠯᠬᠤ ᠬᠡᠷᠡᠭᠲᠡᠢ᠃ ᠡᠯ᠎ᠡ ᠪᠠᠯᠭᠠᠰᠤ᠂ ᠲᠠᠷᠢᠶᠠᠯᠠᠩ ᠳᠤ ᠬᠤᠯᠪᠣᠭᠳᠠᠭᠰᠠᠨ ᠵᠡᠭᠡᠯᠢ | ᠭᠤᠳᠤᠮᠵᠢ ᠶᠢᠨ ᠨᠠᠮ ᠤᠨ ︵ᠠᠵᠢᠯᠯᠠᠬᠤ ᠬᠤᠷᠢᠶ᠎ᠠ︶ ᠬᠤᠷᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ | ᠬᠤᠷᠢᠶᠠᠨ ᠤ ᠬᠤᠷᠠᠯ᠂ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠢ ᠰᠤᠳᠤᠯᠵᠤ᠂ ᠢᠯᠠᠩᠭᠤᠶ᠎ᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠨᠤᠷᠠᠬᠤ | ᠠᠶᠤᠯᠲᠠᠶ ᠭᠡᠷ ᠪᠠᠶᠢᠰᠢᠩ ᠲᠠᠢ ᠭᠡᠷ ᠪᠦᠯᠢ ᠶᠢᠨ ᠣᠷᠣᠰᠢᠵᠤ ᠪᠠᠶᠢᠭ᠎ᠠ ᠬᠦᠴᠢᠷᠲᠠᠢ ᠠᠰᠠᠭᠤᠳᠠᠯ ᠢ ᠴᠠᠭ ᠲᠤᠬᠠᠶ ᠳᠤᠨᠢ | ᠰᠤᠳᠤᠯᠤᠨ ᠰᠢᠢᠳᠪᠦᠷᠢᠯᠡᠬᠦ ᠬᠡᠷᠡᠭᠲᠡᠶ᠃ ︽ᠨᠢᠭᠡ ᠭᠠᠴᠠᠭ᠎ᠠ ᠳᠤ ᠨᠢᠭᠡ ᠲᠦᠷᠦ ᠶᠢᠨ ᠪᠤᠳᠤᠯᠭ᠎ᠠ᠂ ᠨᠢᠭᠡ ᠡᠷᠦᠬᠡ | ᠳᠤ ᠨᠢᠭᠡ ᠲᠦᠰᠦᠯ︾ ᠤᠨ ᠱᠠᠭᠠᠷᠳᠠᠯᠭ᠎ᠠ ᠶᠣᠰᠣᠭᠠᠷ᠂ ᠶᠠᠳᠠᠭᠤ ᠬᠦᠴᠢᠷᠳᠡᠯ ᠲᠠᠢ ᠲᠣᠰᠬᠤᠨ ᠪᠠ ᠶᠠᠳᠠᠭᠤ | ᠬᠦᠴᠢᠷᠳᠡᠯ ᠲᠠᠢ ᠡᠷᠦᠬᠡ ᠶᠢᠨ ᠶᠠᠳᠠᠭᠤ ᠠᠴᠠ ᠠᠩᠭᠢᠵᠢᠷᠠᠭᠤᠯᠬᠤ ᠲᠥᠯᠥᠪᠯᠡᠭᠡ ᠶᠢ ᠪᠣᠳᠠᠲᠠᠶ ᠲᠣᠭᠲᠠᠭᠠᠬᠤ ᠬᠡᠷᠡᠭᠲᠡᠶ᠃ | ᠲᠤᠰᠬᠤᠨ ᠤ ᠱᠠᠲᠤᠨ ᠳᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠬᠠᠷᠢᠭᠤᠴᠠᠯᠭ᠎ᠠ ᠶᠢ ᠲᠠᠭᠰᠢᠷᠠᠭᠤᠯᠤᠨᠠ᠃ ᠡᠯ᠎ᠡ | ᠭᠠᠴᠠᠭ᠎ᠠ ᠲᠦᠷᠦ ᠶᠢᠨ ᠪᠤᠳᠤᠯᠭ᠎ᠠ ᠶᠢᠨ ᠲᠤᠬᠠᠶ ᠤᠬᠠᠭᠤᠯᠭ᠎ᠠ ᠪᠠᠨᠴᠢᠩᠭᠠᠳᠬᠠᠵᠤ ᠂ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠤᠯᠡᠠ ᠲᠦᠮᠡᠨ ᠲᠠᠢ ᠨᠢᠭᠲᠠ ᠬᠠᠷᠢᠯᠴᠠᠵᠤ ᠳᠠᠪᠠᠭᠤᠯᠢᠭ ᠨᠦᠬᠦᠴᠡᠯ ᠢ ᠰᠠᠶᠢᠲᠤᠷ | ᠪᠠᠳᠠᠷᠠᠭᠤᠯᠵᠤ᠂ ᠲᠤᠰ ᠭᠠᠴᠠᠭᠠᠨ ᠤ ᠪᠠᠨ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠡᠷᠦᠬᠡ ᠶᠢᠨ ᠦᠨᠳᠦᠰᠦᠨ | ᠪᠠᠶᠢᠳᠠᠯ ᠵᠢᠴᠢ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠮᠥᠷᠳᠡᠨ ᠡᠵᠡᠮᠰᠢᠵᠦ᠂ ᠰᠡᠳᠭᠢᠯ ᠳᠡᠭᠡᠨ ᠪᠦᠷᠢᠨ | ᠤᠶᠢᠯᠠᠭᠠᠵᠦ᠂ ᠪᠡᠶ᠎ᠡ ᠳ᠋ᠡᠬᠡᠨᠢᠲᠡᠭᠡᠯ ᠲᠠᠢ ᠬᠡᠮᠵᠢᠶᠡᠨ ᠳᠤ ᠬᠦᠷᠬᠦ ᠬᠡᠷᠡᠭᠲᠡᠢ᠃ ᠲᠤᠰ ᠲᠤᠰᠬᠤᠨ ᠤ ᠶᠠᠳᠠᠭᠤ ᠶᠢ | ᠲᠡᠳᠬᠦᠬᠦ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠵᠢᠨᠠᠬᠢᠴᠠ ᠢ ᠰᠠᠶᠢᠲᠤᠷ ᠣᠶᠢᠯᠠᠭᠠᠵᠤ ᠡᠵᠡᠮᠰᠢᠬᠦ | ᠬᠡᠷᠡᠭᠲᠡᠶ᠂ ᠢᠨᠵᠧᠨᠧᠷᠢᠩ ᠤᠨ ᠠᠬᠢᠴᠠ ᠪᠠ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠲᠤᠭᠤᠷᠢᠭ ᠤᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠤᠪᠢᠳᠠᠨ ᠬᠠᠮᠢᠶᠠᠷᠠᠬᠤ ᠬᠠᠷᠢᠭᠤᠴᠠᠯᠭ᠎ᠠ ᠶᠢ | ᠲᠠᠭᠰᠢᠷᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ ᠤ ᠤᠳᠤᠷᠢᠳᠤᠯᠭ᠎ᠠ | ᠨᠠᠷ ᠰᠠᠨᠠᠭᠠᠴᠢᠯᠠᠭ᠎ᠠ ᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ ᠪᠡᠨᠨᠠᠷᠢᠯᠢᠬᠵᠢᠭᠤᠯᠵᠤ ᠂ | ᠨᠢᠭᠡᠳᠦᠯᠲᠡᠶ ᠲᠦᠯᠦᠪᠯᠡᠯᠭᠡ ᠲᠤᠬᠢᠷᠠᠭᠤᠯᠭ᠎ᠠ᠂ ᠠᠵᠢᠯ ᠤᠨ ᠵᠢᠯᠤᠭᠤᠳᠤᠯᠭ᠎ᠠ᠂ ᠪᠠᠶᠢᠴᠠᠭᠠᠬᠤ ᠪᠠᠶᠢᠯᠳᠤᠭᠠᠨ ᠢ | ᠡᠷᠴᠢᠮ ᠲᠠᠢ ᠴᠢᠩᠭᠠᠷᠠᠭᠤᠯᠵᠤ᠂ ᠨᠡᠩ ᠣᠯᠠᠨ ᠨᠡᠩ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠰᠤᠳᠤᠯᠤᠨ | ᠳᠤᠷᠠᠳᠤᠨ᠎ᠠ᠃ ᠲᠤᠭᠤᠷᠢᠭ ᠤᠨ ᠲᠡᠰ ᠤᠨ ᠤᠳᠤᠷᠢᠳᠤᠯᠭ᠎ᠠ ᠨᠥᠬᠦᠳ ᠳᠠᠭᠠᠭᠠᠴᠢᠯᠠᠨ ᠬᠠᠷᠢᠯᠴᠠᠬᠤ ᠲᠦᠷᠢᠮ ᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠦᠷᠭᠦᠯᠵᠢ ᠬᠠᠷᠢᠯᠴᠠᠬᠤ ᠴᠢᠭ ᠲᠡᠭᠡᠨ ᠬᠦᠷᠴᠦ ᠵᠢᠭᠠᠨ ᠵᠢᠯᠤᠭᠤᠳᠴᠦ | ᠠᠵᠢᠯ ᠢᠶᠠᠨ ᠠᠬᠢᠭᠤᠯᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ | ᠬᠡᠷᠡᠭᠲᠡᠶ᠃ ᠰᠠᠯᠠᠭ᠎ᠠ ᠮᠦᠴᠢᠷ ᠤᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠳᠠᠭᠰᠢᠷᠠᠭᠤᠯᠬᠤ ᠬᠡᠷᠡᠭᠲᠡᠶ᠃ | ᠳᠠᠭᠠᠭᠠᠴᠢᠯᠠᠨ ᠬᠠᠷᠢᠯᠴᠠᠬᠤ ᠪᠠᠶᠢᠭᠤᠯᠭ᠎ᠠ | ᠠᠴᠠ ᠪᠠᠶᠢᠭᠤᠯᠭ᠎ᠠ ᠪᠠ ᠴᠡᠭ ᠤᠨ ᠬᠤᠯᠪᠤᠭᠠᠰᠤ᠂ ᠺᠠᠲᠠᠷ ᠡᠷᠦᠬᠡ ᠶᠢᠨ ᠬᠤᠯᠪᠤᠭᠠᠰᠤ ᠶᠢ ᠪᠠᠶᠢᠭᠤᠯᠤᠨ᠎ᠠ᠃ ᠤᠨᠢᠨ | ᠳᠡᠭᠡᠷ᠎ᠡ ᠨᠢ ᠶᠠᠳᠠᠭᠤ ᠶᠢ ᠲᠡᠳᠬᠦᠬᠦ ᠬᠠᠷᠠᠯᠲᠠ ᠲᠠᠢ ᠤᠶᠠᠯᠳᠤᠭᠤᠯᠵᠤ᠂ ᠳᠠᠭᠠᠭᠠᠴᠢᠯᠠᠨ ᠬᠠᠷᠢᠯᠴᠠᠬᠤ ᠭᠠᠴᠠᠭᠠᠨ ᠤ | ᠦᠨᠳᠦᠰᠦᠨ ᠪᠠᠶᠢᠳᠠᠯ ᠪᠤᠯᠤᠨ ᠶᠠᠳᠠᠭᠤ ᠬᠦᠴᠢᠷᠳᠡᠯᠲᠡᠶ ᠡᠷᠦᠬᠡ ᠳᠤ ᠠᠰᠢᠭ ᠬᠦᠷᠲᠡᠭᠡᠵᠦ ᠪᠠᠶᠢᠬᠤ ᠪᠠᠶᠢᠳᠠᠯ ᠢ | ᠭᠠᠷ ᠤᠨ ᠠᠯᠠᠭ᠎ᠠ ᠪᠠᠨ ᠰᠢᠭ᠋ ᠰᠠᠶᠢᠨ ᠮᠡᠳᠡᠬᠦ ᠬᠡᠷᠡᠭᠲᠡᠢ᠃ ᠰᠠᠯᠠᠭ᠎ᠠ ᠮᠦᠴᠢᠷ ᠤᠨ ᠡᠬᠢ ᠪᠠᠶᠠᠯᠢᠭ ᠤᠨ ᠳᠠᠪᠠᠭᠤᠯᠢᠭ | ᠲᠠᠯ᠎ᠠ ᠪᠠᠨ ᠠᠰᠢᠭᠯᠠᠨ᠂ ᠲᠦᠷᠦᠯ ᠵᠦᠢᠯ ᠤᠨ ᠪᠡᠯᠡ ᠮᠥᠩᠭᠦ ᠤᠯᠬᠤ ᠪᠠᠷ ᠢᠳᠡᠪᠬᠢᠲᠡᠶ ᠴᠢᠷᠮᠠᠶᠢᠵᠤ᠂ ᠬᠠᠪᠰᠤᠷᠤᠨ | ᠲᠡᠳᠬᠦᠬᠦ ᠲᠦᠷᠦᠯ ᠵᠦᠢᠯ ᠢ ᠰᠠᠶᠢᠲᠤᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠣᠰᠬᠤᠨ ᠳᠤ ᠰᠠᠭᠤᠭ᠎ᠠ | ᠠᠵᠢᠯᠯᠠᠬᠤ ᠠᠩᠭᠢ ᠪᠣᠯᠤᠨ ︽ᠨᠢᠭᠡᠳᠦᠭᠡᠷ ᠱᠦᠵᠢ︾ ᠶᠢᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ | ᠳᠠᠭᠰᠢᠷᠠᠭᠤᠯᠬᠤ ᠬᠡᠷᠡᠭᠲᠡᠶ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠪᠠ ︽ᠨᠢᠭᠡᠳᠦᠭᠡᠷ | ᠱᠦᠵᠢ︾ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠰᠬᠤᠨ ᠳᠤ ᠪᠠᠶᠢᠩᠭᠤ ᠰᠠᠭᠤᠵᠤ᠂ | ᠭᠤᠣᠯᠳᠠᠯᠭ᠎ᠠ ᠲᠠᠢ ᠶᠠᠳᠠᠭᠤ ᠬᠦᠴᠢᠷᠳᠡᠯ ᠲᠠᠢ ᠲᠤᠰᠬᠤᠨ ᠢ ᠬᠠᠪᠰᠤᠷᠴᠤ ︽ᠵᠢᠷᠭᠤᠭᠠᠨ ᠤᠨᠢᠨ ᠳᠡᠭᠡᠷ᠎ᠡ︾ ᠪᠠ ︽ | ᠲᠠᠪᠤᠨ ᠨᠢᠭᠡ ᠪᠦᠯᠦᠭ︾ ᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠶ᠋ᠯ ᠢ ᠵᠤᠬᠢᠴᠠᠭᠤᠯᠤᠨ | ᠬᠡᠷᠡᠭᠵᠢᠬᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠭᠡᠨ ᠳᠤ ᠬᠢᠨᠠᠯᠲᠠ ᠲᠠᠯᠪᠢᠵᠤ᠂ | ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠵᠢᠯᠤᠭᠤᠳᠤᠨ᠎ᠠ᠃ ᠰᠠᠬᠢᠯᠭ᠎ᠠ ᠪᠠᠲᠤ ᠪᠠᠶᠢᠴᠠᠭᠠᠬᠤ | ᠪᠠᠶᠢᠭᠤᠯᠭ᠎ᠠ ᠶᠢᠨ ᠬᠢᠨᠠᠬᠤ ᠬᠠᠷᠢᠭᠤᠴᠠᠯᠭ᠎ᠠ ᠶᠢ ᠲᠠᠭᠰᠢᠷᠠᠭᠤᠯᠵᠤ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠬᠢᠨᠠᠨ ᠪᠠᠶᠢᠴᠠᠭᠠᠬᠤ ᠵᠦᠪᠯᠡᠯ ᠠᠴᠠ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠳᠣᠲᠣᠷᠠᠬᠢ ᠤᠯᠤᠰ ᠲᠦᠷᠦ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠪᠠᠷ ᠨᠠᠮ ᠤᠨ ᠬᠤᠷᠢᠶ᠎ᠠ ᠶᠢᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ᠂ | ᠭᠠᠴᠠᠭᠠᠨ ᠱᠠᠲᠤᠨ ᠤ ᠵᠣᠬᠢᠶᠠᠨ ᠪᠠᠶᠢᠭᠤᠯᠤᠯᠲᠠ ᠬᠠᠷᠢᠭᠤᠴᠠᠯᠭ᠎ᠠ ᠶᠢ ᠬᠡᠷᠡᠭᠵᠢᠭᠦᠯᠵᠦ ᠨᠠᠶᠢᠳᠠᠪᠤᠷᠢᠵᠢᠭᠤᠯᠵᠤ | ᠪᠠᠶᠢᠭ᠎ᠠ ᠪᠠᠶᠢᠳᠠᠯ᠂ ᠲᠣᠭᠤᠷᠢᠭ ᠤᠨ ᠱᠠᠲᠤᠨ ᠤ ᠤᠳᠤᠷᠢᠳᠤᠯᠭ᠎ᠠ ᠪᠠ ᠰᠠᠯᠠᠭ᠎ᠠ ᠮᠦᠴᠢᠷ ᠤᠨ ᠬᠠᠪᠰᠤᠷᠤᠨ ᠲᠡᠳᠬᠦᠬᠦ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ | ᠪᠣᠯᠤᠨ ︽ᠨᠢᠭᠡᠳᠦᠭᠡᠷ ᠱᠦᠵᠢ︾ ᠬᠠᠪᠰᠤᠷᠤᠨ ᠲᠡᠳᠬᠦᠬᠦ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠴᠢᠩᠭ᠎ᠠ ᠬᠦᠴᠦᠲᠡᠶ ᠬᠢᠨᠠᠯᠲᠠ ᠲᠠᠯᠪᠢᠵᠤ᠂ | ᠬᠠᠷᠢᠭᠤᠴᠠᠯᠭ᠎ᠠ ᠨᠡᠬᠡᠮᠵᠢᠯᠡᠬᠦ ᠪᠠᠷ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ | ᠰᠠᠬᠢᠯᠭ᠎ᠠ ᠪᠠᠲᠤ ᠶᠢᠨ ᠪᠠᠲᠤᠯᠠᠪᠤᠷᠢ ᠪᠤᠯᠭᠠᠬᠤ ᠬᠡᠷᠡᠭᠲᠡᠶ᠃ | ᠬᠤᠷᠠᠯ ᠳᠡᠭᠡᠷ᠎ᠡ᠂ ᠡᠯ᠎ᠡ ᠪᠠᠯᠭᠠᠰᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠲᠠᠢ ᠬᠤᠯᠪᠣᠭᠳᠠᠬᠤ | ᠵᠡᠭᠡᠯᠢ ᠭᠤᠳᠤᠮᠵᠢ ᠵᠢᠴᠢ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠠᠴᠠ ᠲᠣᠭᠤᠷᠢᠭ ᠤᠨ ᠨᠠᠮ ᠤᠨ | ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠬᠠᠷᠢᠭᠤᠴᠠᠯᠭ᠎ᠠ ᠶᠢᠨ ᠪᠢᠴᠢᠭ ᠳᠡᠪᠰᠢᠭᠦᠯᠦᠨ ᠲᠤᠰᠢᠶᠠᠵᠤ ᠣᠪᠣᠷ ᠢᠶᠠᠨ ᠵᠤᠷᠢᠭ ᠢᠶᠠᠨ ᠢᠯᠡᠳᠭᠡᠵᠦ ᠶᠠᠷᠢᠶ᠎ᠠ ᠲᠠᠯᠪᠢᠵᠠᠶ | ᠃ ︵ᠰᠢᠨ᠎ᠡ ᠵᠠᠭᠤᠴᠢᠯᠠᠭᠤᠷ ᠤᠨ ᠲᠥᠪ ᠪᠥᠸᠧ ᠲᠤᠤ︶ | |