5 ᠳ᠋ᠤᠭᠠᠷ ᠰᠠᠷ᠎ᠠ ᠶᠢᠨ28 ᠤ ᠡᠳᠦᠷ᠂ 2018ᠣᠨ ᠤ ᠳᠡᠭᠡᠳᠦ ᠰᠣᠷᠭᠠᠭᠤᠯᠢ ᠳᠤ ᠰᠢᠯᠭᠠᠭᠤᠯᠬᠤ | ᠠᠵᠢᠯ ᠤᠨ ᠬᠤᠷᠠᠯ ᠰᠢᠶᠠᠨ ᠤ ᠰᠣᠷᠭᠠᠨ ᠬᠦᠮᠦᠵᠢᠯ ᠤᠨ ᠲᠣᠪᠴᠢᠶᠠᠨ ᠳᠤ ᠬᠤᠷᠠᠯᠳᠣᠭᠤᠯᠪᠠ᠃ ᠰᠢᠶᠠᠨ ᠤ ᠳᠡᠳ᠋ | ᠳᠠᠷᠤᠭ᠎ᠠ ᠲᠣᠶᠠᠭ᠎ᠠ᠂ ᠰᠢᠶᠠᠨ ᠤ ᠰᠣᠷᠣᠭᠴᠢ ᠡᠯᠰᠡᠬᠦ ᠵᠥᠪᠯᠡᠯ ᠤᠨ ᠭᠡᠰᠢᠭᠦᠨ ᠪᠠᠶᠢᠭᠤᠯᠭ᠎ᠠ ᠶᠢᠨ ᠬᠠᠷᠢᠭᠤᠴᠠᠯᠭᠠᠲᠠᠳ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠰᠢᠶᠠᠨ ᠤ ᠰᠣᠷᠭᠠᠨ ᠬᠦᠮᠦᠵᠢᠯ ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠡᠨᠡ | ᠵᠢᠯ ᠤᠨ ᠳᠡᠭᠡᠳᠦ ᠰᠣᠷᠭᠠᠭᠤᠯᠢ ᠳᠤ ᠰᠢᠯᠭᠠᠭᠤᠯᠬᠤ ᠠᠵᠢᠯ ᠳᠤ ᠪᠠᠶᠢᠷᠢᠰᠢᠭᠤᠯᠣᠯᠲᠠ ᠬᠢᠪᠡ᠃ ᠲᠣᠶᠠᠭ᠎ᠠ ᠰᠣᠷᠣᠭᠴᠢ | ᠡᠯᠰᠡᠬᠦ ᠵᠥᠪᠯᠡᠯ ᠤᠨ ᠡᠯ᠎ᠡ ᠭᠡᠰᠢᠭᠦᠨ ᠪᠠᠶᠢᠭᠤᠯᠭ᠎ᠠ ᠲᠠᠢ ᠳᠡᠭᠡᠳᠦ ᠰᠣᠷᠭᠠᠭᠤᠯᠢ ᠳᠤ ᠰᠢᠯᠭᠠᠭᠤᠯᠬᠤ ᠠᠵᠢᠯ ᠤᠨ | ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠣᠭᠰᠠᠨ ᠪᠠᠶᠢᠨ᠎ᠠ᠃ | ᠡᠨᠡ ᠵᠢᠯ ᠮᠠᠨ ᠤ ᠰᠢᠶᠠᠨ ᠤ ᠳᠡᠭᠡᠳᠦ ᠰᠣᠷᠭᠠᠭᠤᠯᠢ ᠳᠤ ᠰᠢᠯᠭᠠᠭᠤᠯᠬᠤ ᠳᠤ ᠨᠡᠷ᠎ᠡ ᠮᠡᠳᠡᠭᠦᠯᠦᠭᠰᠡᠨ ᠬᠦᠮᠦᠨ ᠤ | ᠲᠤᠭ᠎ᠠ1275 ᠪᠠᠶᠢᠵᠣ᠂ ᠨᠢᠳᠣᠨᠣᠨ ᠠᠴᠠ236 ᠬᠦᠮᠦᠨ ᠪᠠᠭᠠᠰᠪᠠ᠃ ᠰᠢᠯᠭᠠᠬᠤ ᠭᠠᠵᠠᠷ ᠢ ᠨᠢᠭᠡᠳᠦᠭᠡᠷ ᠳᠣᠮᠳᠠᠳᠣ | ᠰᠣᠷᠭᠠᠭᠤᠯᠢ ᠶᠢᠨ ᠳᠡᠭᠡᠳᠦ ᠳᠣᠮᠳᠠᠳᠣ ᠶᠢᠨ ᠪᠠᠷᠢᠮᠵᠢᠶᠠᠵᠢᠭᠤᠯᠣᠭᠰᠠᠨ ᠰᠢᠯᠭᠠᠯᠲᠠ ᠶᠢᠨ ᠲᠠᠯᠠᠪᠣᠷ ᠲᠤ ᠲᠣᠬᠢᠷᠠᠭᠤᠯᠵᠣ᠂ | ᠨᠡᠶᠢᠲᠡ39 ᠰᠢᠯᠭᠠᠯᠲᠠ ᠶᠢᠨ ᠲᠠᠯᠠᠪᠣᠷ ᠲᠠᠢ᠃ | ᠡᠨᠡ ᠵᠢᠯ ᠤᠨ ᠳᠡᠭᠡᠳᠦ ᠰᠣᠷᠭᠠᠭᠤᠯᠢ ᠳᠤ ᠰᠢᠯᠭᠠᠭᠤᠯᠬᠤ ᠠᠵᠢᠯ ᠤᠨ ᠲᠣᠬᠠᠢ ᠲᠣᠶᠠᠭ᠎ᠠ ᠴᠢᠩᠭᠠᠳᠬᠠᠭᠰᠠᠨ | ᠨᠢ᠂ ᠨᠢᠭᠡ ᠳᠤ᠂ ᠠᠮᠣᠷ ᠲᠦᠪᠰᠢᠨ ᠤ ᠣᠬᠠᠮᠰᠠᠷ ᠢᠶᠠᠨ ᠴᠢᠩᠭᠠᠳᠬᠠᠵᠣ᠂ ︽ᠠᠮᠣᠷ ᠲᠠᠶᠢᠪᠣᠭᠤᠨ ᠳᠡᠭᠡᠳᠦ | ᠰᠣᠷᠭᠠᠭᠤᠯᠢ ᠳᠤ ᠰᠢᠯᠭᠠᠭᠤᠯᠬᠤ︾ ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ ᠰᠣᠷᠣᠭᠴᠢ ᠡᠯᠰᠡᠬᠦ ᠵᠥᠪᠯᠡᠯ ᠤᠨ ᠡᠯ᠎ᠡ | ᠭᠡᠰᠢᠭᠦᠨ ᠪᠠᠶᠢᠭᠤᠯᠭ᠎ᠠ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠬᠦᠭᠵᠢᠭᠡᠵᠦ᠂ 2018 ᠣᠨ ᠤ ᠳᠡᠭᠡᠳᠦ | ᠰᠣᠷᠭᠠᠭᠤᠯᠢ ᠳᠤ ᠰᠢᠯᠭᠠᠭᠤᠯᠬᠤ ᠡᠯ᠎ᠡ ᠵᠦᠢᠯ ᠤᠨ ᠠᠵᠢᠯ ᠤᠨ ᠠᠮᠣᠷ ᠲᠣᠭᠲᠠᠭᠤᠨ ᠡᠮᠬᠢ ᠲᠢᠭᠯᠢᠮ ᠲᠠᠢ | ᠶᠠᠪᠣᠭᠳᠠᠬᠤ ᠶᠢ ᠪᠠᠲᠣᠯᠠᠵᠣ᠂ ᠳᠡᠭᠡᠳᠦ ᠰᠣᠷᠭᠠᠭᠤᠯᠢ ᠳᠤ ᠰᠢᠯᠭᠠᠭᠤᠯᠬᠤ ᠠᠵᠢᠯ ᠤᠨ ᠬᠠᠷᠢᠭᠤᠴᠠᠯᠭᠠᠲᠣ ᠰᠡᠳᠬᠢᠯᠭᠡ | ᠪᠣᠯᠣᠨ ᠡᠭᠦᠷᠭᠡᠲᠦ ᠰᠡᠳᠬᠢᠯᠭᠡ ᠶᠢ ᠦᠨᠡᠨᠬᠦ ᠨᠡᠮᠡᠭᠳᠡᠭᠦᠯᠬᠦ ᠭᠡᠷᠡᠭᠲᠡᠢ᠃ ᠬᠤᠶᠠᠷ ᠲᠤ᠂ ᠬᠠᠮᠵᠢᠯᠴᠠᠬᠤ ᠣᠬᠠᠮᠰᠠᠷ ᠢᠶᠠᠨ | ᠴᠢᠩᠭᠠᠳᠬᠠᠵᠣ᠂ ᠬᠠᠮᠲᠣᠷᠠᠯᠴᠠᠨ ᠠᠬᠢᠭᠤᠯᠬᠤ ᠠᠵᠢᠯ ᠤᠨ ᠪᠠᠶᠢᠷᠢᠰᠢᠯ ᠢ ᠪᠣᠢ ᠪᠣᠯᠭᠠᠬᠤ ᠬᠡᠷᠡᠭᠲᠡᠢ᠃ ᠡᠯ᠎ᠡ ᠭᠡᠰᠢᠭᠦᠨ | ᠪᠠᠶᠢᠭᠤᠯᠭ᠎ᠠ ᠬᠠᠷᠢᠭᠤᠴᠠᠯᠭ᠎ᠠ ᠪᠠᠨ ᠲᠣᠳᠣᠷᠬᠠᠢ ᠪᠣᠯᠭᠠᠵᠣ᠂ ᠬᠤᠪᠢ ᠬᠦᠮᠦᠨ ᠳᠤ ᠪᠣᠲᠠᠲᠠᠶᠢᠵᠢᠭᠤᠯᠬᠤ ᠬᠡᠷᠡᠭᠲᠡᠢ᠃ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠨᠠᠶᠢᠳᠠᠪᠣᠷᠢᠵᠢᠭᠤᠯᠵᠣ᠂ ᠰᠠᠬᠢᠯᠭ᠎ᠠ ᠪᠠᠲᠣ ᠶᠢ ᠠᠳᠬᠤᠵᠣ᠂ ᠬᠠᠷᠢᠭᠤᠴᠠᠯᠭ᠎ᠠ | ᠨᠡᠬᠡᠮᠵᠢᠯᠡᠬᠦ ᠶᠢ ᠴᠢᠩᠭᠠᠳᠬᠠᠨ᠎ᠠ᠃ ᠭᠤᠷᠪᠠ ᠳᠤ᠂ ᠦᠢᠯᠡᠴᠢᠯᠡᠭᠡᠨ ᠤ ᠣᠬᠠᠮᠰᠠᠷ ᠢᠶᠠᠨ ᠴᠢᠩᠭᠠᠳᠬᠠᠵᠣ᠂ ᠰᠠᠶᠢᠨ | ᠰᠠᠶᠢᠬᠠᠨ ᠰᠢᠯᠭᠠᠯᠲᠠ ᠶᠢᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ᠃ ᠡᠯ᠎ᠡ ᠰᠠᠯᠠᠭ᠎ᠠ ᠮᠦᠴᠢᠷ ᠠᠮᠣᠷ | ᠲᠦᠪᠰᠢᠨ ᠤ ᠬᠠᠮᠵᠢᠯᠴᠠᠬᠤ ᠬᠠᠷᠢᠭᠤᠴᠠᠯᠭ᠎ᠠ ᠪᠣᠯᠣᠨ ᠦᠢᠯᠡᠴᠢᠯᠡᠭᠡᠨ ᠤ ᠣᠬᠠᠮᠰᠠᠷ ᠢᠶᠠᠨ ᠴᠢᠩᠭᠠᠳᠬᠠᠵᠣ᠂ | ᠰᠢᠯᠭᠠᠯᠲᠠ ᠡᠬᠢᠯᠡᠬᠦ ᠠᠴᠠ ᠡᠮᠦᠨ᠎ᠡ᠂ ᠰᠢᠯᠭᠠᠯᠲᠠ ᠶᠢᠨ ᠳᠣᠮᠳᠠ᠂ ᠰᠢᠯᠭᠠᠯᠲᠠ ᠳᠠᠭᠤᠰᠣᠭᠰᠠᠨ ᠤ ᠳᠠᠷᠠᠭᠠᠬᠢ ᠡᠯ᠎ᠡ | ᠵᠦᠢᠯ ᠤᠨ ᠠᠵᠢᠯ ᠢ ᠯᠠᠪᠳᠠᠭᠤᠨ ᠪᠠᠳᠣᠲᠠᠢ ᠰᠠᠶᠢᠲᠣᠷ ᠬᠢᠬᠦ ᠬᠡᠷᠡᠭᠲᠡᠢ ᠭᠡᠵᠡᠢ᠃ |