ᠮᠠᠨ ᠤ ᠬᠤᠲᠠ ᠠᠴᠠ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠤᠰᠬᠠᠢ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-06-01
      5 ᠳ᠋ᠤᠭᠠᠷ ᠰᠠᠷ᠎ᠠ ᠶᠢᠨ 30 ᠤ ᠡᠳᠦᠷ᠂ ᠮᠠᠨ ᠤ ᠬᠤᠲᠠ ᠠᠴᠠ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠢ ᠠᠵᠢᠯ ᠢ ᠠᠬᠢᠭᠤᠯᠬᠤ ᠬᠤᠷᠠᠯ ᠢ  ᠬᠤᠷᠠᠯᠳᠤᠭᠤᠯᠵᠤ᠂ ᠡᠮᠦᠨ᠎ᠡ ᠨᠢᠭᠡ ᠬᠤᠭᠤᠴᠠᠭᠠᠨ ᠤ ᠠᠵᠢᠯ  ᠳᠤ  ᠳ᠋ᠦᠩᠨᠡᠯᠲᠡ ᠬᠢᠵᠦ᠂ ᠣᠷᠴᠢᠮ ᠤᠨ ᠠᠵᠢᠯ ᠳᠠᠭᠠᠨ ᠲᠠᠬᠢᠨᠳᠠ ᠲᠣᠬᠢᠷᠠᠭᠤᠯᠤᠯᠲᠠ ᠬᠢᠵᠦ ᠲᠠᠬᠢᠨᠳᠠ  ᠪᠠᠶᠢᠷᠢᠯᠠᠭᠤᠯᠤᠯᠲᠠ ᠬᠢᠪᠡ᠃       ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ  ᠤᠨ ᠱᠦᠵᠢ᠂  ᠬᠤᠲᠠ ᠶᠢᠨ  ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠤᠰᠬᠠᠢ ᠠᠵᠢᠯ ᠤᠨ ᠶᠡᠷᠦᠩᠬᠡᠢ ᠤᠳᠤᠷᠢᠳᠤᠭᠠᠴᠢ ᠸᠠᠩ ᠾᠧᠩ ᠵᠢᠶᠦ᠋ᠨ  ᠬᠤᠷᠠᠯ ᠡᠷᠬᠢᠯᠡᠵᠦ  ᠶᠠᠷᠢᠶ᠎ᠠ ᠲᠠᠯᠪᠢᠪᠠ᠃       ᠬᠤᠷᠠᠯ ᠳᠡᠭᠡᠷ᠎ᠡ᠂  ᠬᠤᠲᠠ ᠶᠢᠨ ᠳᠡᠳ᠋ ᠳᠠᠷᠤᠭ᠎ᠠ ᠵᠧᠦ ᠴᠢᠶᠠᠩ ᠠᠴᠠ ᠡᠮᠦᠨ᠎ᠡ ᠨᠢᠭᠡ  ᠬᠤᠭᠤᠴᠠᠭᠠᠨ ᠤ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠢ ᠠᠵᠢᠯ ᠤᠨ ᠠᠮᠵᠢᠯᠲᠠ ᠳᠤ ᠳ᠋ᠦᠩᠨᠡᠯᠲᠡ ᠬᠢᠵᠦ᠂ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠠᠰᠠᠭᠤᠳᠠᠯ ᠢ ᠳᠤᠷᠠᠳᠤᠨ ᠭᠠᠷᠠᠭᠠᠬᠤ ᠶᠢᠨ ᠬᠠᠮᠲᠤ ᠳᠠᠷᠠᠭ᠎ᠠ ᠠᠯᠬᠤᠮ ᠤᠨ ᠠᠵᠢᠯ ᠳᠠᠭᠠᠨ ᠲᠠᠬᠢᠨᠳᠠ ᠲᠣᠬᠢᠷᠠᠭᠤᠯᠤᠯᠲᠠ ᠬᠢᠵᠦ ᠲᠠᠬᠢᠨᠳᠠ  ᠪᠠᠶᠢᠷᠢᠯᠠᠭᠤᠯᠤᠯᠲᠠ ᠬᠢᠪᠡ᠃      ᠸᠠᠩ ᠾᠧᠩ ᠵᠢᠶᠦ᠋ᠨ ᠵᠢᠭᠠᠵᠤ ᠭᠠᠷᠭᠠᠭᠰᠠᠨ ᠨᠢ᠂ ᠡᠯ᠎ᠡ  ᠱᠠᠲᠤᠨ ᠤ ᠡᠯ᠎ᠡ ᠰᠠᠯᠠᠭ᠎ᠠ ᠮᠥᠴᠢᠷ  ᠶᠡᠷᠦᠩᠬᠡᠢ ᠱᠦᠵᠢ ᠰᠢ ᠶᠢᠨ ᠫᠢᠩ ᠤᠨ  ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠪᠠᠴᠢᠮ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠨᠡᠮᠡᠭᠳᠡᠭᠦᠯᠵᠦ᠂ ᠣᠯᠠᠨ ᠲᠦᠮᠡᠨ ᠤ ᠬᠠᠮᠤᠭ ᠤᠨ ᠠᠩᠬᠠᠷᠤᠯ ᠲᠠᠯᠪᠢᠵᠤ ᠪᠠᠶᠢᠭ᠎ᠠ᠂  ᠬᠠᠮᠤᠭ ᠤᠨ ᠵᠣᠪᠠᠵᠤ ᠪᠠᠶᠢᠭ᠎ᠠ ᠠᠰᠠᠭᠤᠳᠠᠯ ᠢ ᠠᠳᠬᠤᠵᠤ᠂ ᠬᠤᠲᠠ ᠶᠢᠨ ᠣᠷᠴᠢᠨ ᠲᠣᠭᠤᠷᠢᠨ ᠤ ᠬᠠᠮᠤᠭ ᠤᠨ ᠪᠠᠭᠤᠷᠠᠢ ᠭᠤᠭᠴᠤᠭ᠎ᠠ ᠠᠴᠠ ᠭᠠᠷᠳᠠᠵᠤ᠂  ᠨᠢᠭᠡ ᠨᠢᠭᠡ  ᠲᠤᠰᠬᠠᠢ ᠲᠥᠷᠥᠯ ᠢᠶᠠᠷ ᠵᠠᠰᠠᠨ ᠴᠡᠭᠴᠡᠯᠡᠵᠦ᠂  ᠨᠢᠭᠡ ᠨᠢᠭᠡ ᠠᠯᠬᠤᠮ ᠢᠶᠠᠷ ᠲᠦᠯᠬᠢᠨ ᠠᠬᠢᠭᠤᠯᠵᠤ᠂  ᠨᠢᠭᠡ ᠨᠢᠭᠡ ᠭᠤᠭᠴᠤᠭ᠎ᠠ ᠪᠠᠷ ᠰᠢᠪᠲᠤᠯᠬᠤ ᠬᠡᠷᠡᠭᠲᠡᠢ᠃ ᠡᠯ᠎ᠡ  ᠱᠠᠲᠤᠨ ᠤ ᠡᠯ᠎ᠡ ᠰᠠᠯᠠᠭ᠎ᠠ ᠮᠥᠴᠢᠷ ᠵᠢᠭᠠᠨ ᠵᠢᠯᠣᠭᠤᠳᠴᠤ ᠰᠢᠮᠲᠠᠭᠤᠯᠤᠨ ᠪᠠᠶᠢᠴᠠᠭᠠᠬᠤ᠂ ᠤᠬᠠᠭᠤᠯᠭ᠎ᠠ ᠬᠥᠮᠦᠵᠢᠯ  ᠪᠣᠯᠣᠨ ᠬᠠᠷᠢᠭᠤᠴᠠᠯᠭ᠎ᠠ ᠨᠡᠬᠡᠮᠵᠢᠯᠡᠬᠦ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ  ᠭᠡᠪᠡ᠃       ᠸᠠᠩ ᠾᠧᠩ ᠵᠢᠶᠦ᠋ᠨ ᠱᠠᠭᠠᠷᠳᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠥᠷᠨᠢᠭᠦᠯᠵᠦ᠂ ᠡᠨᠡ ᠵᠢᠯ ᠤᠨ 41 ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ ᠬᠤᠲᠠ ᠶᠢᠨ ᠲᠣᠭᠤᠰᠣ ᠰᠢᠷᠣᠢ ᠶᠢ ᠵᠠᠰᠠᠬᠤ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂  ᠬᠠᠷ᠎ᠠ ᠦᠮᠡᠬᠡᠢ ᠤᠰᠤᠨ ᠤ ᠴᠣᠭᠴᠠ ᠶᠢ ᠵᠠᠰᠠᠬᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢ ᠵᠠᠰᠠᠬᠤ᠂ ᠬᠤᠭᠤᠯᠠᠨ ᠬᠡᠷ ᠤᠨ  ᠬᠣᠭ ᠨᠣᠪᠰᠢ ᠶᠢ ᠵᠠᠰᠠᠬᠤ᠂ ᠭᠡᠷ ᠤᠨ ᠭᠠᠳᠠᠨᠠᠬᠢ ᠰᠢᠷᠠᠯᠠᠭ᠎ᠠ ᠶᠢ ᠵᠠᠰᠠᠬᠤ᠂  ᠬᠤᠲᠠ ᠶᠢᠨ ᠳᠠᠭᠤ  ᠱᠤᠤᠭᠢᠶᠠᠨ ᠢ ᠵᠠᠰᠠᠬᠤ᠂  ᠬᠣᠭ ᠤᠨ ᠲᠠᠯᠠᠪᠠᠢ ᠥᠷᠲᠡᠭᠡ ᠶᠢᠨ ᠪᠦᠲᠦᠭᠡᠨ ᠪᠠᠶᠢᠭᠤᠯᠤᠯᠲᠠ  ᠪᠣᠯᠣᠨ  ᠠᠮᠢᠳᠤᠷᠠᠯ ᠤᠨ ᠬᠣᠭ ᠨᠣᠪᠰᠢ ᠶᠢ ᠰᠢᠢᠳᠪᠦᠷᠢᠯᠡᠬᠦ ᠬᠠᠮᠢᠶᠠᠷᠤᠯᠲᠠ ᠵᠡᠷᠭᠡ ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠬᠤ ᠬᠡᠷᠡᠭᠲᠡᠢ ᠭᠡᠪᠡ᠃       ᠬᠤᠲᠠ ᠶᠢᠨ ᠤᠳᠤᠷᠢᠳᠤᠯᠭ᠎ᠠ ᠰᠦᠨ ᠪᠢᠩ ᠸᠧᠨ᠂  ᠭᠤᠣ ᠵᠧᠨ ᠸᠧᠢ᠂  ᠭᠦᠸᠧ ᠪᠢᠩ ᠱᠧᠩ᠂  ᠰᠥᠩ ᠾᠦᠢ  ᠵᠢᠴᠢ  ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠵᠣᠣ ᠴᠢᠤᠸᠠᠨ ᠪᠢᠩ᠂ ᠰᠤᠷᠭᠠᠭᠤᠯᠢ ᠶᠢᠨ ᠵᠠᠬᠢᠷᠤᠯ ᠼᠣᠣ ᠾᠦᠩ ᠵᠡᠷᠭᠡ ᠬᠤᠷᠠᠯ ᠳᠤ ᠣᠷᠣᠯᠴᠠᠵᠤ᠂  ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠤᠰᠬᠠᠢ ᠠᠵᠢᠯ ᠤᠨ 39 ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ᠂  ᠡᠯ᠎ᠡ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠦᠬᠦᠢ  ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ( ᠰᠤᠷᠪᠤᠯᠵᠢᠯᠠᠭᠴᠢ  ᠰᠥᠨ ᠶᠦᠸᠧ ᠯᠥᠩ)
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号