ᠮᠠᠨ ᠤ ᠬᠤᠲᠠ ᠠᠴᠠ ᠲᠥᠪ  ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ  ᠤᠨ ᠪᠣᠯᠵᠣᠨ ᠶᠠᠷᠢᠯᠴᠠᠬᠤ ᠬᠤᠷᠠᠯ  ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-06-12
      6 ᠳ᠋ᠤᠭᠠᠷ ᠰᠠᠷ᠎ᠠ  ᠶᠢᠨ 10 ᠤ ᠡᠳᠦᠷ  ᠤᠨ ᠣᠷᠣᠢ  ᠂  ᠮᠠᠨ ᠤ ᠬᠤᠲᠠ ᠠᠴᠠ ᠲᠥᠪ  ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ  ᠤᠨ ᠪᠣᠯᠵᠣᠨ ᠶᠠᠷᠢᠯᠴᠠᠬᠤ ᠬᠤᠷᠠᠯ  ᠢ ᠬᠤᠷᠠᠯᠳᠤᠭᠤᠯᠵᠤ  ᠂ ᠲᠥᠪ  ᠤᠨ ᠣᠷᠴᠢᠨ ᠲᠣᠭᠤᠷᠢᠨ  ᠤ ᠬᠠᠮᠠᠭᠠᠯᠠᠯᠲᠠ  ᠶᠢᠨ ᠰᠢᠮᠳᠠᠭᠤᠯᠤᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠥᠪᠥᠷ ᠮᠣᠩᠭᠤᠯ  ᠳᠤ ᠰᠠᠭᠤᠭ᠎ᠠ ᠬᠤᠭᠤᠴᠠᠭᠠᠨ ᠳᠤ ᠣᠯᠠᠨ ᠲᠦᠮᠡᠨ ᠠᠴᠠ ᠲᠤᠰᠬᠠᠭᠰᠠᠨ ᠵᠠᠷᠢᠮ ᠰᠠᠶᠢᠨ ᠵᠠᠰᠠᠨ ᠴᠡᠭᠴᠡᠯᠡᠭᠰᠡᠨ ᠦᠭᠡᠢ ᠠᠰᠠᠭᠤᠳᠠᠯ ᠲᠠᠢ ᠬᠤᠯᠪᠣᠭᠳᠠᠭᠰᠠᠨ ᠬᠤᠰᠢᠭᠤ ᠰᠢᠶᠡᠨ ᠲᠣᠭᠤᠷᠢᠭ ᠤᠨ ᠬᠠᠷᠢᠭᠤᠴᠠᠯᠭᠠᠲᠠᠳ ᠢ ᠳᠠᠭᠤᠳᠠᠨ ᠪᠣᠯᠵᠣᠨ ᠶᠠᠷᠢᠯᠴᠠᠪᠠ  ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠥᠵᠢ᠂ ᠬᠤᠲᠠ ᠶᠢᠨ ᠳᠠᠷᠤᠭ᠎ᠠ  ᠂ ᠥᠪᠥᠷ ᠮᠣᠩᠭᠤᠯ  ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ‍ᠤᠨ‌ᠠᠵᠢᠯᠯᠠᠬᠤ ᠬᠤᠷᠢᠶ᠎ᠠ ᠶᠢᠨ ᠱᠥᠵᠢ ᠹᠧᠩ ᠢᠦᠶ ᠵᠧᠨ᠂ ᠬᠤᠲᠠ ᠶᠢᠨ ᠳᠡᠳ᠋ ᠳᠠᠷᠤᠭ᠎ᠠ ᠵᠧᠦ ᠴᠢᠶᠠᠩ ᠭᠤᠣᠯᠯᠠᠨ ᠪᠣᠯᠵᠣᠨ ᠶᠠᠷᠢᠯᠴᠠᠵᠤ  ᠂ ᠴᠢᠩ ᠱᠦᠢ ᠾᠧ ᠰᠢᠶᠠᠨ  ᠂ ᠲᠦᠮᠡᠳ ᠵᠡᠭᠦᠨ ᠬᠤᠰᠢᠭᠤ  ᠂ ᠲᠣᠭᠲᠠᠬᠤ ᠰᠢᠶᠡᠨ ᠪᠣᠯᠵᠣᠨ ᠶᠠᠷᠢᠯᠴᠠᠬᠤ ᠳᠤ ᠳᠠᠭᠤᠳᠠᠭᠳᠠᠪᠠ  ᠃      ᠪᠣᠯᠵᠣᠨ ᠶᠠᠷᠢᠯᠴᠠᠬᠤ ᠬᠤᠷᠠᠯ ᠳᠡᠭᠡᠷ᠎ᠡ ᠬᠤᠷᠠᠯ ᠳᠤ ᠳᠠᠭᠤᠳᠠᠭᠳᠠᠭᠰᠠᠨ ᠬᠤᠰᠢᠭᠤ ᠰᠢᠶᠡᠨ ᠲᠣᠭᠤᠷᠢᠭ ᠲᠤ ᠣᠷᠣᠰᠢᠵᠤ ᠪᠠᠶᠢᠭ᠎ᠠ ᠭᠤᠣᠯ ᠠᠰᠠᠭᠤᠳᠠᠯ  ᠢ ᠮᠡᠳᠡᠭᠡᠯᠡᠵᠦ  ᠂ ᠵᠠᠰᠠᠨ ᠴᠡᠭᠴᠡᠯᠡᠬᠦ ᠱᠠᠭᠠᠷᠳᠠᠯᠭ᠎ᠠ ᠭᠠᠷᠭᠠᠭᠰᠠᠨ ᠪᠠᠶᠢᠨ᠎ᠠ  ᠃ ᠬᠤᠷᠠᠯ ᠳᠤ ᠳᠠᠭᠤᠳᠠᠭᠳᠠᠭᠰᠠᠨ ᠬᠤᠰᠢᠭᠤ ᠰᠢᠶᠡᠨ ᠲᠣᠭᠤᠷᠢᠭ ᠤᠨ ᠬᠠᠷᠢᠭᠤᠴᠠᠯᠭᠠᠲᠠᠳ ᠣᠪᠣᠷ  ᠢᠶᠠᠨ ᠢᠯᠡᠳᠬᠡᠬᠦ ᠶᠠᠷᠢᠶᠠᠨ ᠳᠠᠭᠠᠨ ᠴᠥᠮ ᠲᠥᠪ  ᠤᠨ ᠣᠷᠴᠢᠨ ᠲᠣᠭᠤᠷᠢᠨ  ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ  ﹇ᠪᠤᠴᠠᠵᠤ ᠬᠠᠷᠠᠬᠤ﹈ ᠲᠣᠬᠢᠶᠠᠯ  ᠢ ᠰᠠᠶᠢᠲᠤᠷ ᠠᠳᠬᠤᠵᠤ  ᠂ ᠪᠦᠬᠦ ᠲᠠᠯ᠎ᠠ  ᠪᠠᠷ ᠳᠠᠶᠢᠴᠢᠯᠠᠨ ᠪᠠᠶᠢᠷᠢᠯᠠᠭᠤᠯᠵᠤ  ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ  ᠤᠨ ᠲᠤᠰᠬᠠᠭᠰᠠᠨ ᠰᠠᠨᠠᠯ ᠶᠣᠰᠣᠭᠠᠷ  ᠂ ᠳᠠᠷᠤᠯᠲᠠ  ᠶᠢ ᠬᠥᠳᠡᠯᠭᠡᠬᠦ ᠬᠦᠴᠦᠨ ᠪᠣᠯᠭᠠᠵᠤ ᠣᠯᠠᠨ ᠠᠷᠭ᠎ᠠ ᠠᠪᠴᠠᠯ  ᠢ ᠬᠡᠷᠡᠭᠯᠡᠨ  ᠂ ᠴᠠᠭ ᠳᠠᠷᠤᠢ ᠳᠤᠨᠢ ᠵᠠᠰᠠᠵᠤ  ᠂ ᠣᠷᠣᠰᠢᠵᠤ ᠪᠠᠶᠢᠭ᠎ᠠ ᠠᠰᠠᠭᠤᠳᠠᠯ  ᠢ ᠦᠨᠡᠨᠬᠦ ᠰᠠᠶᠢᠨ ᠰᠢᠢᠳᠪᠦᠷᠢᠯᠡᠨ᠎ᠡ ᠭᠡᠪᠡ  ᠃       ᠹᠧᠩ ᠢᠦᠶ ᠵᠧᠨ ᠶᠠᠷᠢᠶᠠᠨ  ᠳᠠᠭᠠᠨ᠂ ᠪᠣᠬᠢᠷᠳᠤᠯ  ᠢ ᠵᠠᠰᠠᠬᠤ ᠨᠢ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠨ  ᠤ ᠨᠢᠭᠡ ᠪᠣᠯᠣᠭᠰᠠᠨ ᠤ ᠬᠤᠪᠢ  ᠳᠤ ᠠᠵᠤ ᠠᠬᠤᠢ ᠨᠡᠶᠢᠬᠡᠮ ᠨᠡᠩ ᠰᠠᠶᠢᠨ ᠨᠡᠩ ᠬᠤᠷᠳᠤᠨ ᠬᠥᠭᠵᠢᠬᠦ  ᠳᠤ ᠠᠯᠤᠰ ᠬᠡᠲᠦ  ᠶᠢᠨ ᠤᠳᠬ᠎ᠠ ᠠᠭᠤᠯᠭ᠎ᠠ ᠲᠠᠢ᠂ ᠪᠦᠬᠦ ᠬᠤᠲᠠ ᠪᠠᠷ ᠢᠶᠠᠨ ᠴᠢᠷᠮᠠᠶᠢᠵᠤ ᠠᠰᠠᠭᠤᠳᠠᠯ  ᠳᠤ ᠵᠥᠪ ᠢᠶᠠᠷ ᠬᠠᠨᠳᠤᠨ᠂ ᠠᠰᠠᠭᠤᠳᠠᠯ  ᠳᠤ ᠨᠢᠭᠤᠷᠳᠠᠨ᠂ ᠵᠠᠶᠢᠯᠠᠬᠤ ᠦᠭᠡᠢ  ᠂ ᠨᠢᠭᠤᠬᠤ ᠦᠭᠡᠢ᠂ ᠥᠮᠥᠭᠡᠷᠡᠬᠦ ᠦᠭᠡᠢ ᠪᠠᠷ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠰᠠᠶᠢᠲᠤᠷ ᠵᠠᠰᠠᠨ ᠴᠡᠭᠴᠡᠯᠡᠵᠦ ᠦᠷᠭᠦᠯᠵᠢᠯᠡᠬᠦᠶᠢᠴᠡ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠪᠡ  ᠃       ᠹᠧᠩ ᠢᠦᠶ ᠵᠧᠨ ᠱᠠᠭᠠᠷᠳᠠᠭᠰᠠᠨ ᠨᠢ  ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠨᠢ ᠳᠡᠭᠡᠳᠦ ᠬᠡᠮᠵᠢᠶ᠎ᠡ  ᠪᠠᠷ ᠴᠢᠬᠤᠯᠠᠴᠢᠯᠠᠵᠤ  ᠂ ᠦᠳᠲᠡᠷ ᠲᠦᠷᠭᠡᠨ ᠬᠥᠳᠡᠯᠦᠯᠴᠡᠨ  ᠂ ᠡᠷᠡᠰ ᠲᠠᠰᠤᠷᠬᠠᠢ ᠵᠣᠷᠢᠭ ᠪᠣᠯᠣᠨ ᠬᠦᠴᠦᠨ ᠢᠶᠠᠷ ᠵᠠᠰᠠᠨ ᠴᠡᠭᠴᠡᠯᠡᠬᠦ ᠠᠵᠢᠯ  ᠢ ᠦᠨᠡᠨᠬᠦ ᠠᠳᠬᠤᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ  ᠂ ᠬᠠᠮᠤᠭ ᠤᠨ ᠡᠷᠡᠰ ᠰᠢᠭᠤᠷᠬᠠᠢ ᠣᠪᠣᠷ  ᠂ ᠬᠠᠮᠤᠭ ᠤᠨ ᠴᠢᠩᠭ᠎ᠠ ᠱᠠᠭᠠᠷᠳᠠᠯᠭ᠎ᠠ  ᠂ ᠬᠠᠮᠤᠭ ᠤᠨ ᠯᠠᠪᠳᠠᠭᠤᠨ ᠪᠠᠲᠤᠲᠠᠢ ᠠᠷᠭ᠎ᠠ ᠠᠪᠴᠠᠯ ᠢᠶᠠᠷ ᠣᠷᠣᠰᠢᠵᠤ ᠪᠠᠶᠢᠭ᠎ᠠ ᠡᠯ᠎ᠡ ᠵᠥᠢᠯ  ᠤᠨ ᠠᠰᠠᠭᠤᠳᠠᠯ  ᠢ ᠦᠨᠡᠨᠬᠦ ᠵᠠᠰᠠᠨ ᠴᠡᠭᠴᠡᠯᠡᠵᠦ  ᠂ ᠲᠥᠪ  ᠤᠨ ᠣᠷᠴᠢᠨ ᠲᠣᠭᠤᠷᠢᠨ  ᠤ ᠬᠠᠮᠠᠭᠠᠯᠠᠯᠲᠠ  ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠵᠠᠰᠠᠨ ᠴᠡᠭᠴᠡᠯᠡᠬᠦ ᠠᠵᠢᠯ  ᠢ ᠨᠠᠶᠢᠳᠠᠪᠤᠷᠢᠵᠢᠭᠤᠯᠵᠤ  ᠂ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠭᠡᠪᠡ  ᠃  ︵ᠰᠤᠷᠪᠤᠯᠵᠢᠯᠠᠭᠴᠢ  ᠹᠧᠩ ᠶᠠᠨ ᠫᠢᠩ︶
 
ᠢᠷᠡᠯᠲᠡ᠄ ᠬᠥᠬᠡᠬᠤᠲᠠ  ᠶᠢᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号