ᠴᠢᠩ ᠱᠦᠢ ᠾᠧ ᠰᠢᠶᠠᠨ ︽ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠰᠢᠶᠠᠨ ︾ ᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-06-13
    ︽ᠪᠦᠬᠦ ᠣᠷᠣᠨ ᠤ ᠡᠷᠡᠭᠦᠯ ᠮᠡᠨᠳᠦ ᠶᠢ ᠠᠬᠢᠭᠤᠯᠬᠤ ᠰᠢᠶᠠᠨ︾ ᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠡᠭᠦᠷᠭᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠰᠢᠶᠠᠨ ᠤ ᠰᠠᠭᠤᠭᠠᠯᠢ ᠠᠷᠠᠳ ᠤᠨ ᠡᠷᠡᠭᠦᠯ ᠮᠠᠠᠳᠦ ᠶᠢᠨ ᠬᠡᠪ ᠪᠣᠯᠪᠠᠰᠤᠷᠠᠯ ᠤᠨ ᠲᠦᠪᠰᠢᠨ ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠵᠤ ᠠᠪᠬᠤ ᠳᠤ ᠤᠷᠤᠭᠰᠢᠲᠠᠶ ᠪᠠᠲᠤᠯᠠᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ 6 ᠳ᠋ᠤᠭᠠᠷ ᠰᠠᠷ᠎ᠠ ᠶᠢᠨ 5 ᠤ ᠡᠳᠦᠷ᠂ ᠴᠢᠩ ᠱᠦᠢ ᠾᠧ ᠰᠢᠶᠠᠨ ᠵᠠᠰᠠᠭ ᠤᠨ ᠣᠷᠳᠣᠨ ᠤ ᠬᠠᠷᠠᠭᠠᠨ ᠳᠠᠪᠲᠠᠮᠵᠢᠲᠤ ᠬᠤᠷᠠᠯ ᠤᠨ ᠭᠡᠷ ᠲᠤ ︽ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠰᠢᠶᠠᠨ︾ ᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠰᠢᠶᠠᠨ ᠢ ᠡᠭᠦᠳᠦᠨ ᠪᠠᠶᠢᠭᠤᠯᠬᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠶᠦᠨ ᠴᠢᠶᠣᠤ ᠳᠠᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ︽ᠴᠢᠩ ᠱᠦᠢ ᠾᠧ ᠰᠢᠶᠠᠨ ︿ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠰᠢᠶᠠᠨ﹀ ᠢ ᠡᠭᠦᠳᠦᠨ ᠪᠠᠶᠢᠭᠤᠯᠬᠤ ᠠᠵᠢᠯ ᠤᠨ ᠲᠥᠰᠦᠯ︾ ᠢ ᠤᠩᠰᠢᠨ ᠨᠡᠶᠢᠲᠡᠯᠡᠵᠦ᠂ ᠰᠢᠶᠠᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠴᠧᠩᠭᠤᠸᠠᠨ ᠪᠠᠯᠭᠠᠰᠤ ᠵᠡᠷᠭᠡ ᠨᠢ ᠲᠤᠰ ᠲᠤᠰ ᠡᠭᠦᠳᠦᠨ ᠪᠠᠶᠢᠭᠤᠯᠬᠤ ᠨᠢᠭᠡᠴᠡ ᠪᠠᠨ ᠲᠥᠯᠥᠭᠡᠯᠡᠵᠦ᠂ ᠲᠤᠬᠠᠶᠢᠯᠠᠭᠰᠠᠨ ᠠᠵᠢᠯ ᠢᠶᠠᠷ ᠢᠶᠠᠨ ᠵᠣᠭᠰᠣᠴᠠ ᠪᠣᠯᠭᠠᠨ ︽ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠰᠢᠶᠠᠨ︾ ᠢ ᠬᠡᠷᠬᠢᠨ ᠰᠠᠶᠢᠲᠤᠷ ᠠᠳᠬᠤᠵᠤ ᠡᠭᠦᠳᠦᠨ ᠪᠠᠶᠢᠭᠤᠯᠬᠤ ᠠᠵᠢᠯ ᠤᠨ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠶ᠃      ᠶᠦᠨ ᠴᠢᠶᠣᠣ ᠲᠠᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠷᠡᠭᠦᠯ ᠮᠡᠨᠳᠦ ᠶᠢ ᠠᠬᠢᠭᠤᠯᠬᠤ ᠪᠣᠯ ︽ᠡᠷᠡᠭᠦᠯ ᠮᠡᠨᠳᠦ ᠳᠤᠮᠳᠠᠳᠤ ᠤᠯᠤᠰ︾ ᠤᠨ ᠨᠢᠭᠡᠨ ᠴᠢᠬᠤᠯᠠ ᠠᠭᠤᠯᠭ᠎ᠠ ᠮᠥᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠷᠠᠳ ᠲᠦᠮᠡᠨ ᠤ ᠡᠷᠡᠭᠦᠯ ᠴᠢᠭᠢᠷᠠᠭ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠠᠵᠢᠯ ᠢ ᠢᠮᠠᠭᠲᠠ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠵᠤ᠂ ᠪᠦᠬᠦ ᠰᠢᠶᠠᠨ ᠤ ᠳᠡᠭᠡᠭᠰᠢ ᠠᠴᠠ ᠳᠣᠷᠣᠭᠰᠢ ᠪᠣᠯᠲᠠᠯ᠎ᠠ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠷᠡᠭᠦᠯ ᠴᠢᠭᠢᠷᠠᠭ ᠤᠨ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠠᠨ ᠲᠦᠮᠡᠨ ᠤ ᠲᠤᠰᠬᠠᠯ ᠶᠡᠬᠡᠲᠡᠶ ᠪᠠᠶᠢᠬᠤ ᠡᠷᠡᠭᠦᠯ ᠴᠢᠭᠢᠷᠠᠭ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠳᠤᠷᠢᠳᠤᠯᠭ᠎ᠠ ᠪᠠᠨ ᠴᠢᠩᠭᠠᠳᠬᠠᠨ᠂ ᠭᠤᠣᠯᠳᠠᠯᠭ᠎ᠠ ᠪᠠᠨ ᠲᠤᠪᠤᠶᠢᠯᠭᠠᠨ᠂ ᠤᠨᠢᠨ ᠳᠡᠭᠡᠷ᠎ᠡ ᠨᠢ ᠬᠦᠴᠦᠯᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠡᠷᠡᠭᠦᠯ ᠰᠠᠷᠠᠭᠤᠯ ᠠᠮᠢᠳᠤᠷᠠᠯ ᠤᠨ ᠰᠢᠨ᠎ᠡ ᠬᠡᠪ ᠪᠠᠶᠢᠳᠠᠯ ᠢ ᠢᠳᠡᠪᠬᠢᠲᠡᠶ ᠪᠠᠷ ᠪᠣᠢ ᠪᠣᠯᠭᠠᠵᠤ᠂ ᠡᠷᠡᠭᠦᠯ ᠮᠡᠨᠳᠦ ᠶᠢᠨ ᠰᠤᠷᠭᠠᠨ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠬᠤ ᠠᠵᠢᠯ ᠤᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂  ︽ᠪᠦᠬᠦ ᠣᠷᠣᠨ ᠤ ᠡᠷᠡᠭᠦᠯ ᠮᠡᠨᠳᠦ ᠶᠢ ᠠᠬᠢᠭᠤᠯᠬᠤ ᠰᠢᠶᠠᠨ︾ ᠢ ᠡᠭᠦᠳᠦᠨ ᠪᠠᠶᠢᠭᠤᠯᠬᠤ ᠬᠠᠷᠠᠯᠲᠠᠲᠤ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃      ᠡᠯ᠎ᠡ ᠰᠢᠶᠠᠩ ᠪᠠᠯᠭᠠᠰᠤ᠂ ᠰᠢᠶᠠᠨ ᠤ ᠡᠯ᠎ᠡ ᠬᠠᠮᠢᠶ᠎ᠠ ᠪᠦᠬᠦᠢ ᠨᠢᠭᠡᠴᠡ᠂ ᠴᠧᠩᠭᠤᠸᠠᠨ ᠪᠠᠯᠭᠠᠰᠤᠨ ᠤ ᠡᠯ᠎ᠡ ᠨᠡᠶᠢᠭᠡᠮ ᠲᠣᠭᠤᠷᠢᠭ᠂ ᠬᠤᠲᠠ ᠶᠢᠨ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠲᠠᠰᠤᠭ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃  
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号