6 ᠳ᠋ᠤᠭᠠᠷ ᠰᠠᠷ᠎ᠠ ᠶᠢᠨ 8 ᠤ ᠡᠳᠦᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ | ᠳᠡᠳ᠋ ᠳᠠᠷᠤᠭ᠎ᠠ ᠵᠧᠩ ᠵᠢᠶᠠᠨ ᠵᠦᠩ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠤᠳᠠ ᠲᠠᠷᠢᠶᠠᠯᠠᠩ ᠮᠠᠯ ᠠᠵᠤ | ᠠᠬᠤᠶ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠴᠢᠩ ᠱᠦᠢ ᠾᠧ ᠰᠢᠶᠠᠨ ᠳᠤ ᠬᠦᠷᠴᠦ᠂ ᠪᠦᠬᠦ | ᠰᠢᠶᠠᠨ ᠤ 2017 ᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠤᠨ ᠲᠤᠬᠠᠢ ᠲᠤᠰᠬᠠᠶ ᠬᠢᠨᠠᠨ ᠰᠢᠯᠭᠠᠯᠲᠠ ᠥᠷᠨᠢᠭᠦᠯᠪᠡ᠃ | ᠬᠢᠨᠠᠨ ᠰᠢᠯᠭᠠᠬᠤ ᠳᠤᠮᠳᠠ᠂ ᠬᠢᠨᠠᠨ ᠰᠢᠯᠭᠠᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠰᠣᠨᠣᠰᠬᠤ᠂ | ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ ᠪᠠᠷ ᠮᠠᠨ ᠤ ᠰᠢᠶᠠᠨ ᠤ 2017 ᠣᠨ ᠤ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠨᠠᠷᠢᠨ | ᠲᠣᠳᠣᠷᠬᠠᠶ ᠬᠢᠨᠠᠨ ᠰᠢᠯᠭᠠᠨ ᠣᠶᠢᠯᠭᠠᠪᠠ᠃ ᠡᠭᠦᠨ ᠤ ᠬᠠᠮᠲᠤ᠂ ᠬᠢᠨᠠᠨ ᠰᠢᠯᠭᠠᠬᠤ ᠳᠤᠭᠤᠶᠢᠯᠠᠩ ᠤᠨ ᠬᠢᠨ ᠪᠠᠰᠠ | ᠰᠢᠶᠠᠨ ᠤ ᠳᠡᠳ᠋ ᠳᠠᠷᠤᠭ᠎ᠠ᠂ ᠵᠢᠤ ᠼᠠᠢ ᠵᠤᠸᠠᠩ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠯᠢ ᠵᠢᠶᠦ᠋ᠨ ᠤ | ᠮᠠᠨ ᠤ ᠰᠢᠶᠠᠨ ᠤ 2017 ᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠠᠶ᠃ | ᠣᠶᠢᠯᠠᠭᠠᠭᠰᠠᠨ ᠢᠶᠠᠷ᠂ 2014 — 2017 ᠣᠨ ᠪᠣᠯᠲᠠᠯ᠎ᠠ᠂ ᠴᠢᠩ ᠱᠦᠢ ᠾᠧ ᠰᠢᠶᠠᠨ ︽ᠬᠤᠶᠠᠷ ᠲᠤ | ᠰᠠᠨᠠᠭ᠎ᠠ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠪᠠᠷᠢᠮᠵᠢᠶ᠎ᠠ ᠲᠠᠢ ᠨᠢᠭᠲᠠ ᠤᠶᠠᠯᠳᠤᠭᠤᠯᠤᠨ᠂ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠶᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ ᠠᠴᠠ | ᠠᠩᠭᠢᠵᠢᠷᠠᠭᠤᠯᠬᠤ ᠦᠨᠳᠦᠰᠦᠨ ᠠᠷᠭ᠎ᠠ ᠬᠡᠮᠵᠢᠶ᠎ᠡ ᠪᠣᠯᠭᠠᠵᠤ᠂ ᠣᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠯᠡᠨ᠂ | ᠬᠥᠮᠦᠨ ᠪᠣᠯᠤᠨ ᠡᠷᠦᠬᠡ᠂ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ᠂ ᠣᠨᠢᠨ ᠳᠡᠭᠡᠷ᠎ᠡ ᠨᠢ ᠶᠠᠳᠠᠭᠤ ᠶᠢ | ᠲᠡᠳᠬᠦᠬᠦ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠦᠴᠦ ᠣᠷᠣᠭᠤᠯᠵᠤ᠂ ᠮᠠᠨ ᠤ ᠰᠢᠶᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠦᠴᠦᠲᠡᠶ ᠲᠦᠯᠬᠢᠨ ᠠᠬᠢᠭᠤᠯᠪᠠ᠃ 2017 ᠣᠨ ᠤ ᠵᠢᠯ ᠤᠨ | ᠡᠴᠦᠰ ᠪᠣᠯᠲᠠᠯ᠎ᠠ᠂ ᠪᠦᠬᠦ ᠰᠢᠶᠠᠨ ᠤ ᠲᠠᠷᠢᠶᠠᠴᠢᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ | 7942 ᠲᠥᠭᠦᠷᠢᠭ ᠲᠤ ᠬᠦᠷᠴᠦ᠂ 713 ᠡᠷᠦᠬᠡ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠵᠤ᠂ | ᠶᠠᠳᠠᠭᠤ ᠬᠦᠴᠢᠷᠳᠡᠯᠲᠡᠶ ᠬᠥᠮᠦᠨ ᠠᠮᠠ ᠨᠢ 2014 ᠣᠨ ᠤ 10406 ᠬᠥᠮᠦᠨ ᠪᠠᠶᠢᠭᠰᠠᠨ ᠠᠴᠠ ᠪᠠᠨ | ᠳᠣᠷᠣᠭᠰᠢᠯᠠᠭᠠᠳ 1382 ᠬᠥᠮᠦᠨ ᠪᠤᠯᠵᠦ᠂ ᠶᠠᠳᠠᠭᠤᠷᠠᠬᠤ ᠨᠤᠷᠮ᠎ᠠ ᠨᠢ ᠪᠠᠭᠤᠷᠠᠭᠠᠳ 1.8% ᠳᠤ ᠬᠦᠷᠪᠡ᠃ | 2018 ᠣᠨ ᠳᠤ ᠶᠠᠳᠠᠭᠤ ᠬᠦᠴᠢᠷᠳᠡᠯᠲᠡᠶ ᠬᠥᠮᠦᠨ ᠠᠮᠠ ᠶᠢ 360 ᠡᠷᠦᠬᠡ 770 ᠬᠥᠮᠦᠨ ᠪᠣᠯᠭᠠᠨ | ᠪᠠᠭᠠᠰᠬᠠᠬᠤ ᠪᠠᠷ ᠲᠥᠯᠥᠪᠯᠡᠵᠦ᠂ ︽ᠬᠥᠮᠦᠨ ᠨᠢ ᠶᠠᠳᠠᠭᠤ ᠠᠴᠠ ᠠᠩᠭᠢᠵᠢᠷᠠᠭᠤᠯᠵᠤ᠂ ᠰᠢᠶᠠᠨ ᠨᠢ ᠶᠠᠳᠠᠭᠤ ᠠᠴᠠ | ᠰᠠᠯᠬᠤ︾ ᠡᠭᠦᠷᠭᠡ ᠶᠢ ᠪᠡᠶᠡᠯᠡᠭᠦᠯᠬᠦ ᠪᠣᠯᠣᠨ᠎ᠠ᠃ |