ᠬᠦᠬᠡᠬᠤᠲᠠ ᠰᠢ ᠭᠧᠦ ᠮᠧᠨ ᠨᠡᠭᠦᠳᠡᠯ ᠠᠷᠠᠳ ᠤᠨ ᠰᠢᠨ᠎ᠡ ᠲᠣᠰᠬᠤᠨ ᠳᠠᠬᠢ ᠮᠣᠳᠣᠨ ᠡᠳ᠋ᠯᠡᠯ ᠪᠣᠯᠪᠠᠰᠣᠷᠠᠭᠤᠯᠬᠤ ᠦᠢᠯᠡᠳᠪᠦᠷᠢ ᠶᠢᠨ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠣᠭᠰᠠᠨ ᠠᠰᠠᠭᠤᠳᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠣᠯᠭᠠᠪᠠ
ᠨᠡᠶᠢᠲᠡᠯᠡᠭᠰᠡᠨ ᠴᠠᠭ᠄
2018-06-13
     ᠬᠦᠬᠡᠬᠤᠲᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠣᠭᠠᠷ ᠱᠠᠯᠠᠪᠳᠠᠭᠤᠯᠣᠨ ᠪᠠᠶᠢᠴᠠᠭᠠᠬᠤ ᠳᠣᠭᠤᠶᠢᠯᠠᠩ ᠤᠨ ᠬᠠᠷᠢᠭᠤ ᠳᠣᠰᠬᠠᠭᠰᠠᠨ ᠠᠰᠠᠭᠤᠳᠠᠯ ᠵᠢᠴᠢ ᠥᠪᠡᠷ ᠢᠶᠠᠨ ᠰᠢᠭᠰᠢᠨ ᠪᠠᠶᠢᠴᠠᠭᠠᠭᠰᠠᠨ ᠪᠠ ᠤᠯᠠᠨ ᠲᠦᠮᠡᠨ ᠤ ᠢᠯᠡᠴᠢᠯᠡᠭᠰᠡᠨ ᠠᠰᠠᠭᠤᠳᠠᠯ ᠳᠤ ᠨᠢᠭᠡ ᠶᠢ ᠢᠯᠡᠷᠡᠭᠦᠯᠪᠡᠯ ᠨᠢᠭᠡ ᠶᠢ ᠬᠠᠷᠭᠤᠭᠤᠯᠣᠨ ᠨᠢᠭᠡ ᠶᠢ ᠴᠡᠭᠴᠡᠯᠡᠨ ᠵᠠᠰᠠᠵᠣ ᠨᠢᠭᠡ ᠶᠢ ᠪᠠᠶᠢᠴᠠᠭᠠᠨ ᠰᠢᠢᠳᠪᠦᠷᠢᠯᠡᠬᠦ ᠠᠷᠭ᠎ᠠ ᠠᠪᠴᠠᠯ ᠢ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠣᠨ ᠪᠠᠶᠢᠴᠠᠭᠠᠵᠣ ᠴᠡᠭᠴᠡᠯᠡᠨ ᠵᠠᠰᠠᠬᠤ ᠠᠵᠢᠯ ᠢ ᠡᠷᠡᠰ ᠰᠠᠶᠢᠲᠣᠷ ᠠᠳᠬᠤᠵᠤ᠂ ᠳᠡᠭᠡᠳᠦ ᠬᠡᠮᠵᠢᠶᠡᠨ ᠤ ᠣᠯᠣᠰ ᠲᠦᠷᠥ ᠶᠢᠨ ᠣᠬᠠᠮᠰᠠᠷ ᠪᠠ ᠦᠢᠯᠡ ᠠᠵᠢᠯᠯᠠᠭ᠎ᠠ ᠶᠢᠨ ᠣᠬᠠᠮᠰᠠᠷ ᠢᠶᠠᠷ᠂ ᠬᠠᠮᠤᠭ ᠤᠨ ᠡᠷᠡᠰ ᠪᠠᠲᠣ ᠣᠪᠣᠷ ᠪᠠ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠪᠠᠷ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠣᠨ ᠪᠠᠶᠢᠴᠠᠭᠠᠬᠤ ᠳᠣᠮᠳᠠ ᠢᠯᠡᠷᠡᠭᠦᠯᠦᠭᠰᠡᠨ ᠠᠵᠢᠯ ᠢᠶᠠᠨ ᠦᠯᠦ ᠬᠢᠭᠰᠡᠳ᠂ ᠠᠵᠢᠯ ᠢᠶᠠᠨ ᠣᠳᠠᠭᠠᠨ ᠬᠢᠭᠰᠡᠳ᠂ ᠠᠵᠢᠯ ᠢᠶᠠᠨ ᠬᠤᠳᠠᠯ ᠬᠠᠭᠤᠷᠮᠠᠭ ᠢᠶᠠᠷ ᠬᠢᠭᠰᠡᠳ ᠠᠴᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠣᠯᠭᠠᠵᠣ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠩᠭ᠎ᠠ ᠪᠠᠷ ᠨᠠᠶᠢᠳᠠᠪᠣᠷᠢᠵᠢᠭᠤᠯᠤᠨ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ ᠨᠡᠶᠢᠭᠡᠮ ᠤᠨ ᠠᠩᠬᠠᠷᠣᠯ  ᠳᠤ ᠴᠠᠭ ᠳᠠᠷᠣᠢ ᠳᠤᠨᠢ ᠬᠠᠷᠢᠭᠤᠯᠲᠠ ᠥᠭᠴᠦ ᠪᠣᠢ᠃      ᠬᠦᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠣᠭᠠᠷ ᠱᠠᠯᠠᠪᠳᠠᠭᠤᠯᠣᠨ ᠪᠠᠶᠢᠴᠠᠭᠠᠬᠤ ᠳᠣᠭᠤᠶᠢᠯᠠᠩ ᠤᠨ ᠳᠠᠯᠳᠠᠭᠤᠷ ᠣᠶᠢᠯᠠᠭᠠᠵᠣ ᠬᠠᠷᠢᠭᠤ ᠳᠣᠰᠬᠠᠭᠰᠠᠨ ᠬᠤᠷᠢᠨᠭᠡᠷ ᠰᠢᠶᠠᠨ ᠤ ᠱᠧᠩ ᠯᠧ ᠪᠠᠯᠭᠠᠰᠣ ᠶᠢᠨ ᠰᠢ ᠭᠧᠦ ᠮᠧᠨ ᠨᠡᠭᠦᠳᠡᠯ ᠠᠷᠠᠳ ᠤᠨ ᠰᠢᠨ᠎ᠡ ᠲᠣᠰᠬᠤᠨ ᠳᠠᠬᠢ ᠮᠣᠳᠣᠨ ᠡᠳ᠋ᠯᠡᠯ ᠪᠣᠯᠪᠠᠰᠣᠷᠠᠭᠤᠯᠬᠤ ᠦᠢᠯᠡᠳᠪᠦᠷᠢ ᠶᠢᠨ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠣᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠰᠦᠨᠢ ᠪᠠᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠣᠭᠤᠯᠵᠣ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠣᠳᠣᠯᠣᠨ ᠪᠠᠶᠢᠷᠢᠯᠠᠭᠤᠯᠵᠠᠢ᠃      ᠬᠤᠷᠠᠯ ᠠᠴᠠ᠂ ᠬᠤᠷᠢᠨᠭᠡᠷ ᠰᠢᠶᠠᠨ ᠤ ᠱᠧᠩ ᠯᠧ ᠪᠠᠯᠭᠠᠰᠣ ᠶᠢᠨ ᠰᠢ ᠭᠧᠦ ᠮᠧᠨ ᠨᠡᠭᠦᠳᠡᠯ ᠠᠷᠠᠳ ᠤᠨ ᠰᠢᠨ᠎ᠡ ᠲᠣᠰᠬᠤᠨ ᠤ ᠮᠣᠳᠣᠨ ᠡᠳ᠋ᠯᠡᠯ ᠤᠨ ᠦᠢᠯᠡᠳᠪᠦᠷᠢ ᠶᠢ ᠬᠠᠣᠯᠢ ᠶᠣᠰᠣᠭᠠᠷ ᠴᠠᠭᠠᠵᠠᠯᠠᠨ ᠬᠠᠭᠠᠬᠤ ᠪᠦᠭᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠣᠭᠰᠠᠨ ᠳᠤ ᠬᠤᠯᠪᠣᠭᠳᠠᠭᠰᠠᠨ ᠬᠤᠷᠢᠨᠭᠡᠷ ᠰᠢᠶᠠᠨ ᠤ ᠵᠠᠰᠠᠭ ᠤᠨ ᠣᠷᠳᠣᠨ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠳᠣᠣᠷᠠᠬᠢ ᠮᠡᠲᠦ ᠶᠢᠨ ᠰᠢᠢᠳᠬᠡᠯ ᠣᠯᠭᠤᠬᠤ ᠪᠠᠷ ᠲᠣᠭᠲᠠᠵᠠᠢ᠄ ᠬᠤᠷᠢᠨᠭᠡᠷ ᠰᠢᠶᠠᠨ ᠤ ᠣᠣᠯ ᠤᠨ ᠳᠡᠳ᠋ ᠳᠠᠷᠤᠭ᠎ᠠ᠂ ᠣᠳᠣ ᠶᠢᠨ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠶᠠᠩ ᠰᠢᠩ ᠱᠧᠩ᠂ ᠬᠤᠷᠢᠨᠭᠡᠷ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠬᠤᠷᠢᠨᠭᠡᠷ ᠰᠢᠶᠠᠨ ᠤ ᠳᠡᠳ᠋ ᠳᠠᠷᠤᠭ᠎ᠠ ᠾᠧ ᠹᠧᠩ ᠳᠤ ᠨᠠᠮ ᠤᠨ ᠳᠣᠲᠣᠭᠠᠳᠣ ᠳᠤ ᠳᠣᠩᠭᠤᠳᠬᠤ ᠰᠢᠢᠳᠬᠡᠯ ᠣᠯᠭᠤᠵᠣ᠂ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠰᠠᠯᠪᠣᠷᠢ ᠠᠩᠭᠢ ᠶᠢᠨ ᠳᠠᠷᠤᠭ᠎ᠠ ᠬᠤᠸᠠᠩ ᠪᠣᠥ ᠬᠤᠸᠠ ᠳᠤ ᠨᠠᠮ ᠤᠨ ᠳᠣᠲᠣᠭᠠᠳᠣ ᠳᠤ ᠴᠢᠩᠭ᠎ᠠ ᠳᠣᠩᠭᠤᠳᠬᠤ ᠰᠢᠢᠳᠬᠡᠯ ᠣᠯᠭᠤᠬᠤ ᠶᠢᠨ ᠬᠠᠮᠲᠣ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠭᠦᠨᠵᠡᠭᠡᠢ ᠪᠠᠶᠢᠴᠠᠭᠠᠯᠲᠠ ᠬᠢᠯᠭᠡᠨ᠎ᠡ ᠭᠡᠵᠦ ᠲᠣᠭᠲᠠᠭᠠᠪᠠ᠃      6ᠰᠠᠷ᠎ᠠ ᠶᠢᠨ9 ᠤ ᠦᠳᠡ ᠶᠢᠨ ᠬᠤᠶᠢᠨ᠎ᠠ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠣᠭᠤᠯᠵᠣ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠣᠭᠰᠠᠨ ᠳᠤ ᠬᠤᠯᠪᠣᠭᠳᠠᠭᠰᠠᠨ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠳᠣᠣᠷᠠᠬᠢ ᠮᠡᠲᠦ ᠶᠢᠨ ᠰᠢᠢᠳᠬᠡᠯ ᠣᠯᠭᠤᠬᠤ ᠪᠠᠷ ᠲᠣᠭᠲᠠᠵᠠᠢ᠄ ᠣᠣᠯ ᠤᠨ ᠥᠪᠥᠷ ᠮᠣᠩᠭᠤᠯ ᠤᠨ ᠺᠠᠢ ᠳ᠋ᠢ ᠰᠧᠨ ᠮᠣᠳᠣᠨ ᠤ ᠦᠢᠯᠡᠰ ᠤᠨ ᠬᠢᠵᠠᠭᠠᠷᠲᠣ ᠺᠣᠮᠫᠠᠨᠢ ᠣᠳᠣ ᠨᠡᠷ᠎ᠡ ᠪᠠᠨ ᠥᠭᠡᠷᠡᠴᠢᠯᠡᠨ ᠥᠪᠥᠷ ᠮᠣᠩᠭᠤᠯ ᠤᠨ ᠶᠣᠸᠠᠨ ᠳ᠋ᠠ ᠮᠣᠳᠣᠨ ᠤ ᠦᠢᠯᠡᠰ ᠤᠨ ᠬᠢᠵᠠᠭᠠᠷᠲᠣ ᠺᠤᠮᠫᠠᠨᠢ ᠭᠡᠵᠦ ᠳᠠᠩᠰᠠᠯᠠᠭᠤᠯᠣᠭᠰᠠᠨ ᠺᠤᠮᠫᠠᠨᠢ ᠶᠢᠨ ᠬᠠᠣᠯᠢ ᠶᠢᠨ ᠡᠷᠬᠡᠲᠡᠨ ᠤ ᠲᠦᠯᠦᠭᠡᠯᠡᠭᠴᠢ ᠯᠢᠣ ᠱᠧᠨ ᠪᠢᠩ ᠢ ᠵᠠᠰᠠᠭ ᠵᠠᠬᠢᠷᠭᠠᠨ ᠢᠶᠠᠷ ᠲᠦᠷ ᠬᠤᠷᠢᠬᠤ ᠶᠢᠨ ᠳᠠᠭᠠᠣ ᠬᠡᠷᠡᠭ ᠪᠣᠯᠭᠠᠨ ᠪᠠᠶᠢᠴᠠᠭᠠᠵᠣ᠂ ᠬᠠᠣᠯᠢ ᠶᠣᠰᠣᠭᠠᠷ ᠲᠣᠰ ᠺᠤᠮᠫᠠᠨᠢ ᠶᠢ 20 ᠲᠦᠮᠡᠨ ᠲᠦᠭᠦᠷᠢᠭ ᠢᠶᠠᠷ ᠲᠣᠷᠭᠠᠭᠠᠵᠣ᠂ ᠲᠣᠰ ᠠᠵᠣ ᠠᠬᠤᠶᠢᠯᠠᠯ ᠤᠨ ᠡᠭᠦᠳᠡ ᠶᠢ ᠬᠠᠭᠠᠵᠣ ᠴᠠᠭᠠᠵᠠᠯᠠᠵᠣ᠂ ᠳᠠᠷᠣᠶᠢᠬᠠᠨ ᠪᠣᠢ ᠪᠦᠬᠦᠢ ᠲᠦᠬᠦᠭᠡᠷᠦᠮᠵᠢ ᠶᠢ ᠨᠢ ᠠᠷᠢᠯᠭᠠᠬᠤ ᠶᠢᠨ ᠬᠠᠮᠲᠣ ᠨᠡᠶᠢᠲᠡ ᠶᠢᠨ ᠠᠰᠠᠷᠠᠮᠵᠢ ᠶᠢᠨ ᠵᠠᠭᠠᠯᠳᠣᠯᠭ᠎ᠠ ᠬᠢᠨ᠎ᠡ︔ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠳᠠᠷᠤᠭ᠎ᠠ ᠯᠢᠥ ᠷᠦᠢ ᠮᠢᠩ ᠳᠤ ᠨᠠᠮ ᠤᠨ ᠳᠣᠲᠣᠭᠠᠳᠣ ᠳᠤ ᠴᠢᠩᠭ᠎ᠠ ᠳᠣᠩᠭᠤᠳᠬᠤ ᠰᠢᠢᠳᠬᠡᠯ ᠣᠯᠭᠤᠵᠣ᠂ ᠵᠠᠰᠠᠭ ᠵᠠᠬᠢᠷᠭᠠᠨ ᠤ ᠲᠣᠰᠢᠶᠠᠯ ᠢ ᠨᠢ ᠬᠠᠰᠣᠨ᠎ᠠ᠃ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠰᠤ᠋ ᠶᠥᠩ ᠪᠢᠨ ᠳᠤ ᠵᠠᠰᠠᠭ ᠤᠨ ᠶᠠᠪᠣᠳᠠᠯ ᠤᠨ ᠲᠣᠰᠢᠶᠠᠯ ᠠᠴᠠ ᠨᠢ ᠣᠭᠴᠠᠷᠠᠭᠤᠯᠬᠤ ᠰᠢᠢᠳᠬᠡᠯ ᠣᠯᠭᠤᠨ᠎ᠠ᠃ ᠱᠧᠩ ᠯᠧ ᠪᠠᠯᠭᠠᠰᠣᠨ ᠤ ᠨᠠᠮ ᠤᠨ ᠬᠤᠷᠢᠶ᠎ᠠ ᠶᠢᠨ ᠱᠦᠵᠢ ᠶᠦᠨ ᠠᠨ ᠮᠢᠨ ᠳᠤ ᠨᠠᠮ ᠤᠨ ᠳᠣᠲᠣᠭᠠᠳᠣ ᠳᠤ ᠴᠢᠩᠭ᠎ᠠ ᠳᠣᠩᠭᠤᠳᠬᠤ ᠰᠢᠢᠳᠬᠡᠯ ᠣᠯᠭᠤᠨ᠎ᠠ᠃ ᠱᠧᠩ ᠯᠧ ᠪᠠᠯᠭᠠᠰᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠣᠨ ᠤ ᠳᠠᠷᠤᠭ᠎ᠠ ᠯᠢ ᠶᠣᠸᠠᠢ ᠵᠦᠩ ᠳᠤ ᠨᠠᠮ ᠤᠨ ᠳᠣᠲᠣᠭᠠᠲᠣ ᠳᠤ ᠴᠢᠩᠭ᠎ᠠ ᠳᠣᠩᠭᠤᠳᠬᠤ ᠰᠢᠢᠳᠬᠡᠯ ᠣᠯᠭᠤᠵᠣ᠂ ᠪᠠᠯᠭᠠᠰᠣᠨ ᠤ ᠳᠠᠷᠤᠭ᠎ᠠ ᠶᠢᠨ ᠲᠣᠰᠢᠶᠠᠯ ᠢ ᠨᠢ ᠬᠠᠰᠣᠬᠤ ᠰᠢᠢᠳᠬᠡᠯ ᠣᠯᠭᠤᠨ᠎ᠠ᠃ ᠱᠧᠩ ᠯᠧ ᠪᠠᠯᠭᠠᠰᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠵᠠᠩ ᠶᠦᠩ ᠸᠧᠢ ᠳᠤ ᠨᠠᠮ ᠤᠨ ᠳᠣᠲᠣᠭᠠᠳᠣ ᠳᠤ ᠴᠢᠩᠭ᠎ᠠ ᠳᠣᠩᠭᠤᠳᠬᠤ ᠰᠢᠢᠳᠬᠡᠯ ᠣᠯᠭᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号