ᠣᠯᠣᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠦᠷᠣ ᠶᠢᠨ ᠪᠣᠳᠣᠯᠭ᠎ᠠ ᠰᠣᠳᠣᠯᠬᠤ ᠲᠠᠰᠤᠭ ᠤᠨ ᠳᠡᠳ᠋ ᠲᠣᠭᠤᠷᠢᠨ ᠪᠠᠶᠢᠴᠠᠭᠠᠭᠴᠢ ᠬᠤᠸᠠᠩ ᠳ᠋ᠥᠩ ᠾᠦᠢ ᠨᠠᠷ ᠮᠠᠨ ᠤ ᠰᠢᠶᠠᠨ ᠤ ᠡᠭᠦᠯᠡᠨ ᠪᠣᠳᠣᠯᠲᠠ ᠶᠢᠨ ᠲᠣᠮᠣ ᠳ᠋ᠠᠶᠢᠲ᠋ᠠ ᠶᠢᠨ ᠠᠵᠣ ᠦᠢᠯᠡᠰ ᠤᠨ ᠬᠦᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018-06-13
     6 ᠳ᠋ᠤᠭᠠᠷ ᠰᠠᠷ᠎ᠠ ᠶᠢᠨ11 ᠤ ᠡᠳᠦᠷ ᠤᠨ ᠦᠳᠡ ᠶᠢᠨ ᠡᠮᠦᠨ᠎ᠡ᠂ ᠣᠯᠣᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠦᠷᠣ ᠶᠢᠨ ᠪᠣᠳᠣᠯᠭ᠎ᠠ ᠰᠣᠳᠣᠯᠬᠤ ᠲᠠᠰᠤᠭ ᠤᠨ ᠳᠡᠳ᠋ ᠲᠣᠭᠤᠷᠢᠨ ᠪᠠᠶᠢᠴᠠᠭᠠᠭᠴᠢ ᠬᠤᠸᠠᠩ ᠳ᠋ᠥᠩ ᠾᠦᠢ ᠣᠯᠣᠰ ᠤᠨ ︽︿ᠠᠷᠪᠠᠨ ᠭᠤᠷᠪᠠᠳᠣᠭᠠᠷ ᠲᠠᠪᠣᠨ ᠵᠢᠯ﹀ ᠤᠨ ᠲᠥᠯᠦᠪᠯᠡᠭᠡ ᠶᠢᠨ ᠦᠨᠳᠦᠰᠦᠲᠡᠨ ᠤ ᠭᠠᠵᠠᠷ ᠣᠷᠣᠨ ᠪᠣᠯᠣᠨ ᠬᠦᠮᠦᠨ ᠠᠮᠠ ᠴᠥᠭᠡᠬᠡᠨ ᠦᠨᠳᠦᠰᠦᠲᠡᠨ ᠤ ᠬᠦᠭᠵᠢᠯᠲᠡ ᠶᠢ ᠠᠬᠢᠭᠤᠯᠬᠤ ᠲᠦᠯᠦᠪᠵᠢᠭᠦᠯᠭᠡ ︾ ︽ᠬᠢᠯᠢ ᠬᠢᠵᠠᠭᠠᠷ ᠢ ᠬᠦᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︿ᠠᠷᠪᠠᠨ ᠭᠤᠷᠪᠠᠳᠣᠭᠠᠷ ᠲᠠᠪᠣᠨ ᠵᠢᠯ﹀ ᠤᠨ ᠲᠥᠯᠦᠪᠯᠡᠭᠡ﹀︾ ᠶᠢ ᠬᠠᠮᠵᠢᠯᠴᠠᠬᠤ ᠳᠤᠮᠳᠠ ᠬᠤᠭᠤᠴᠠᠭᠠᠨ ᠤ ᠦᠨᠡᠯᠡᠨ ᠵᠢᠱᠢᠵᠦ ᠪᠠᠶᠢᠴᠠᠭᠠᠨ ᠰᠣᠳᠣᠯᠬᠤ ᠳᠣᠭᠤᠶᠢᠯᠠᠩ ᠤᠨ ᠬᠢᠨ ᠲᠠᠢ ᠬᠠᠮᠲᠣ ᠬᠦᠬᠡᠬᠤᠲᠠ ᠶᠢᠨ ᠱᠧᠩ ᠯᠧ ᠣᠳᠣ ᠦᠶ᠎ᠡ ᠶᠢᠨ ᠦᠢᠯᠡᠴᠢᠯᠡᠭᠡ ᠶᠢᠨ ᠦᠢᠯᠡᠰ ᠤᠨ ᠲᠦᠪᠯᠡᠷᠡᠯ ᠤᠨ ᠣᠷᠣᠨ ᠳᠤ ᠬᠦᠷᠴᠦ᠂ ᠡᠭᠦᠯᠡᠨ ᠪᠣᠳᠣᠯᠳᠠ᠂ ᠲᠣᠮᠤ ᠳ᠋ᠠᠶᠢᠲ᠋ᠠ ᠬᠤᠶᠠᠷ ᠶᠡᠭᠡ ᠠᠵᠣ ᠦᠢᠯᠡᠰ ᠤᠨ ᠬᠦᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠪᠡ᠃      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠯᠢ ᠭᠦᠸᠧ ᠴᠧᠩ᠂ ᠬᠤᠲᠠ ᠶᠢᠨ ᠮᠣᠩᠭᠤᠯ ᠬᠡᠯᠡᠨ ᠤ ᠠᠵᠢᠯ ᠤᠨ ᠵᠥᠪᠯᠡᠯ ᠤᠨ ᠲᠣᠰᠬᠠᠢ ᠲᠣᠰᠢᠶᠠᠯᠲᠣ ᠳᠡᠳ᠋ ᠡᠷᠬᠢᠯᠡᠭᠴᠢ ᠪᠠᠭᠠᠲᠣᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠳᠠᠶᠢᠴᠢᠨ᠂ ᠰᠢᠶᠠᠨ ᠤ ᠠᠷᠠᠳ ᠤᠨ ᠶᠠᠪᠣᠳᠠᠯ ᠦᠨᠳᠦᠰᠦᠲᠡᠨ ᠱᠠᠰᠢᠨ ᠰᠣᠷᠲᠠᠬᠤᠨ ᠤ ᠬᠡᠷᠡᠭ ᠡᠷᠬᠢᠯᠡᠬᠦ ᠲᠣᠪᠴᠢᠶ᠎ᠠ᠂ ᠲᠥᠪᠯᠡᠷᠡᠯ ᠤᠨ ᠣᠷᠣᠨ ᠤ ᠬᠠᠮᠢᠶᠠᠷᠣᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠯᠲᠠ ᠬᠢᠪᠡ᠃      ᠪᠠᠶᠢᠴᠠᠭᠠᠨ ᠰᠣᠳᠣᠯᠬᠤ ᠳᠣᠭᠤᠶᠢᠯᠠᠩ ᠤᠨ ᠬᠢᠨ ᠡᠩ ᠲᠡᠷᠢᠭᠦᠨ ᠳᠤ ᠬᠤᠷᠢᠨᠭᠡᠷ ᠰᠢᠨ᠎ᠡ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠣᠯᠲᠠ ᠶᠢᠨ ᠪᠠᠶᠢᠳᠠᠯ ᠢ ᠰᠣᠨᠣᠰᠴᠣ᠂ ᠳᠠᠷᠠᠭ᠎ᠠ ᠳᠤᠨᠢ ᠳᠣᠮᠳᠠᠳᠣ ᠣᠯᠣᠰ ᠤᠨ ᠴᠠᠬᠢᠯᠭᠠᠨ ᠮᠡᠳᠡᠭᠡ ᠬᠤᠯᠪᠣᠭᠠᠨ ᠤ ᠥᠪᠥᠷ ᠮᠣᠩᠭᠤᠯ ᠤᠨ ᠡᠭᠦᠯᠡᠨ ᠪᠣᠳᠣᠯᠳᠠ ᠶᠢᠨ ᠲᠤᠭ᠎ᠠ ᠪᠠᠷᠢᠮᠲᠠ ᠶᠢᠨ ᠲᠥᠪ᠂ ᠮᠢᠺᠷᠣᠰᠣᠹᠲ ᠲᠣᠮᠤ ᠳ᠋ᠠᠶᠢᠲ᠋ᠠ ᠵᠢᠴᠢ ᠬᠢᠮᠡᠯ ᠣᠶᠣᠨᠯᠢᠭ ᠬᠡᠷᠡᠭᠯᠡᠭᠡᠨ ᠤ ᠨᠡᠪᠴᠢᠭᠦᠯᠦᠭᠦᠷ ᠤᠨ ᠰᠠᠭᠤᠷᠢᠨ ᠭᠠᠵᠠᠷ᠂ ᠰᠠᠢ ᠺᠧ ᠰᠢᠩ ᠰᠣᠳᠣᠯᠬᠤ ᠬᠦᠷᠢᠶᠡᠯᠡᠩ᠂ ᠭᠦᠸᠧ ᠶᠦᠨ ᠰᠦ ᠰᠠᠭᠠᠯᠢ ᠶᠢᠨ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ ᠳᠤ ᠪᠠᠶᠢᠴᠠᠭᠠᠯᠲᠠ ᠬᠢᠵᠦ᠂ ᠮᠠᠨ ᠤ ᠰᠢᠶᠠᠨ ᠤ ᠣᠶᠢᠷ᠎ᠠ ᠶᠢᠨ ᠵᠢᠯ ᠤᠨ ᠲᠣᠮᠣ ᠳ᠋ᠠᠶᠢᠲ᠋ᠠ ᠶᠢᠨ ᠬᠦᠭᠵᠢᠯᠲᠡ ᠳᠣᠮᠳᠠᠬᠢ ᠣᠷᠣᠨ ᠪᠦᠰᠡ ᠶᠢᠨ ᠳᠠᠪᠠᠭᠤᠯᠢᠭ᠂ ᠪᠦᠬᠦᠯᠢ ᠴᠣᠭᠴᠠ ᠶᠢᠨ ᠲᠦᠯᠦᠪᠵᠢᠭᠦᠯᠭᠡ᠂  ᠦᠢᠯᠡᠳᠪᠦᠷᠢᠯᠡᠯ ᠠᠮᠢᠳᠣᠷᠠᠯ ᠤᠨ ᠳᠣᠮᠳᠠᠬᠢ ᠪᠣᠳᠠᠲᠣ ᠬᠡᠷᠡᠭᠯᠡᠯᠲᠡ᠂ ᠣᠳᠣᠬᠠᠨ ᠤ ᠣᠷᠣᠰᠢᠵᠣ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠶᠢ ᠨᠠᠷᠢᠯᠢᠭ ᠣᠶᠢᠯᠠᠭᠠᠵᠣ᠂ ᠡᠯ᠎ᠡ ᠠᠵᠣ ᠠᠬᠤᠶᠢᠯᠠᠯ ᠤᠨ ᠬᠠᠷᠢᠭᠤᠴᠠᠯᠭᠠᠲᠠᠳ ᠲᠠᠢ ᠲᠣᠮᠣ ᠳ᠋ᠠᠶᠢᠲ᠋ᠠ ᠶᠢᠨ ᠦᠨᠳᠦᠰᠦᠲᠡᠨ ᠤ ᠣᠷᠣᠨ ᠪᠣᠯᠣᠨ ᠬᠦᠮᠦᠨ ᠠᠮᠠ ᠴᠦᠭᠡᠬᠡᠨ ᠦᠨᠳᠦᠰᠦᠲᠡᠨ ᠤ ᠣᠷᠣᠨ ᠤ ᠬᠦᠭᠵᠢᠯᠲᠡ ᠶᠢᠨ ᠲᠦᠯᠦᠪᠵᠢᠭᠦᠯᠭᠡ ᠶᠢᠨ ᠲᠠᠯ᠎ᠠ ᠪᠠᠷ ᠬᠢ ᠲᠣᠷᠰᠢᠯᠭ᠎ᠠ ᠠᠷᠭ᠎ᠠ ᠠᠪᠴᠠᠯ ᠶᠢᠨ ᠲᠣᠬᠠᠢ ᠰᠠᠨᠠᠯ ᠢᠶᠠᠨ ᠰᠣᠯᠢᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号