ᠪᠦ᠋ ᠰᠢᠶᠤᠤ ᠯᠢᠨ ᠬᠤᠷᠢᠨᠬᠡᠷ ᠰᠢᠶᠠᠨ ᠤ ᠨᠢᠬᠡᠨ ᠮᠤᠳᠤᠨ ᠡᠳ᠋ᠯᠡᠯ ᠪᠤᠯᠪᠠᠰᠤᠷᠠᠭᠤᠯᠬᠤ ᠦᠢᠯᠡᠳᠪᠦᠷᠢ ᠶᠢᠨ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠬᠰᠠᠨ ᠠᠰᠠᠭᠤᠳᠠᠯ ᠳᠤ ᠴᠤᠬᠤᠯᠠᠪᠤᠷᠢ ᠦᠭᠴᠡᠢ
ᠨᠡᠶᠢᠲᠡᠯᠡᠭᠰᠡᠨ ᠴᠠᠭ᠄
2018-06-13
      6 ᠳ᠋ᠤᠭᠠᠷ ᠰᠠᠷ᠎ᠠ ᠶᠢᠨ 10 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠬᠤᠷᠢᠨᠬᠡᠷ ᠰᠢᠶᠠᠨ ᠤ ᠰᠢ ᠭᠧᠤ ᠮᠧᠨ ᠨᠡᠬᠦᠳᠡᠯ ᠠᠷᠠᠳ ᠤᠨ ᠰᠢᠨ᠎ᠡ ᠳᠤᠰᠬᠤᠨ ᠳᠠᠬᠢ ᠮᠤᠳᠤᠨ ᠡᠳ᠋ᠯᠡᠯ ᠪᠤᠯᠪᠠᠰᠤᠷᠠᠭᠤᠯᠬᠤ ᠦᠢᠯᠡᠳᠪᠦᠷᠢ ᠶᠢᠨ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠬᠰᠠᠨ ᠠᠰᠠᠭᠤᠳᠠᠯ ᠤᠨ ᠳᠤᠬᠠᠢ ᠬᠦᠬᠡᠬᠤᠳᠠ ᠶᠢᠨ ᠨᠠᠮ ᠤᠨ ᠬᠤᠷᠢᠶ᠎ᠠ᠂ ᠵᠠᠰᠠᠬ ᠤᠨ ᠤᠷᠳᠤᠨ ᠳᠤ ᠴᠤᠬᠤᠯᠠᠪᠤᠷᠢ ᠦᠭᠴᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠡᠷᠬᠡᠪᠰᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠤᠯᠤᠰ ᠳᠦᠷᠦ ᠶᠢᠨ ᠡᠬᠦᠷᠬᠡ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠤᠨ ᠴᠢᠬᠤᠯᠠ ᠶᠡᠭᠡ ᠬᠦᠭᠵᠢᠯᠳᠠ ᠶᠢᠨ ᠠᠰᠠᠭᠤᠳᠠᠯ ᠪᠤᠯᠭᠠᠵᠤ᠂ ᠰᠦᠷ ᠬᠦᠴᠦᠳᠤ ᠪᠠᠶᠢᠳᠠᠯ ᠢ ᠠᠰᠢᠬᠯᠠᠵᠤ᠂ ᠰᠢᠨᠲᠠᠷᠠᠰᠢ ᠦᠭᠡᠢ ᠵᠣᠷᠢᠭᠯᠠᠵᠤ᠂ ᠦᠨᠡᠨ ᠬᠦ ᠠᠳᠬᠤᠨ ᠪᠤᠳᠠᠳᠠᠢ ᠠᠵᠢᠯᠯᠠᠵᠥ᠂ ᠠᠮᠢ ᠠᠬᠤᠢ ᠤᠷᠴᠢᠨ ᠳᠤᠭᠤᠷᠢᠨ ᠤ ᠳᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠳᠡᠢ ᠬᠡᠵᠥ ᠱᠠᠭᠠᠷᠳᠠᠪᠠ᠃      ᠴᠤᠬᠤᠯᠠᠪᠤᠷᠢ ᠳᠤ᠂ ᠬᠦᠬᠡᠬᠤᠳᠠ ᠶᠢᠨ ᠬᠤᠷᠢᠨᠬᠡᠷ ᠰᠢᠶᠠᠨ ᠤ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠬᠰᠠᠨ ᠠᠰᠠᠭᠤᠳᠠᠯ ᠤᠨ ᠰᠢᠨᠵᠢ ᠴᠢᠨᠠᠷ ᠬᠦᠨᠳᠤ ᠨᠣᠴᠢᠲᠠᠢ᠂ ᠳᠦᠢᠯ ᠤᠨ ᠮᠠᠭᠤ ᠨᠦᠯᠦᠬᠡ ᠭᠠᠷᠭᠠᠵᠠᠢ᠃ ᠬᠦᠬᠡᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠠᠷᠤᠢ ᠳᠦᠷᠬᠡᠨ ᠪᠠᠶᠢᠴᠠᠭᠠᠨ ᠰᠢᠢᠳᠪᠦᠷᠢᠯᠡᠵᠥ᠂ ᠬᠠᠤᠯᠢ ᠳᠤᠬᠳᠠᠭᠠᠯ ᠶᠤᠰᠤᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ ᠬᠡᠵᠥ ᠵᠢᠭᠠᠵᠥ ᠭᠠᠷᠭᠠᠪᠠ᠃      ᠴᠤᠬᠤᠯᠠᠪᠤᠷᠢ ᠳᠤ᠂ ᠳᠦᠪ ᠤᠨ ᠪᠠᠶᠢᠭᠠᠯᠢ ᠤᠷᠴᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯ ᠨᠢ ᠮᠠᠨ ᠤ ᠤᠷᠤᠨ ᠤ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠢᠯ ᠳᠤ ᠬᠢᠵᠦ ᠪᠠᠶᠢᠭ᠎ᠠ ᠪᠦᠬᠦ ᠳᠠᠯ᠎ᠠ ᠶᠢᠨ ᠪᠡᠶᠡᠴᠢ ᠪᠠᠶᠢᠴᠠᠭᠠᠯᠳᠠ ᠪᠤᠯᠬᠤ ᠪᠦᠬᠡᠳ ᠪᠠᠰᠠᠴᠤ ᠪᠢᠳᠡᠨ ᠤ ︽ᠳᠦᠷᠪᠡᠨ ᠤᠬᠠᠮᠰᠠᠷ︾ ᠢᠶᠠᠨ ᠪᠠᠳᠤ ᠪᠤᠢ ᠪᠤᠯᠭᠠᠬᠰᠠᠨ ᠡᠰᠡᠬᠦ ᠶᠢᠨ ᠴᠢᠬᠤᠯᠠ ᠰᠢᠯᠭᠠᠯᠳᠠ ᠪᠤᠯᠤᠨ᠎ᠡ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠳ ᠡᠷᠬᠡᠪᠰᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠤᠯᠤᠰ ᠳᠦᠷᠦ ᠶᠢᠨ ᠡᠬᠦᠷᠬᠡ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠤᠨ ᠴᠢᠬᠤᠯᠠ ᠶᠡᠭᠡ ᠬᠦᠭᠵᠢᠯᠳᠠ ᠶᠢᠨ ᠠᠰᠠᠭᠤᠳᠠᠯ ᠪᠤᠯᠭᠠᠵᠤ᠂ ᠰᠦᠷ ᠬᠦᠴᠦᠳᠤ ᠪᠠᠶᠢᠳᠠᠯ ᠢ ᠠᠰᠢᠬᠯᠠᠵᠥ᠂ ᠰᠢᠨᠲᠠᠷᠠᠰᠢ ᠦᠭᠡᠢ ᠵᠣᠷᠢᠭᠯᠠᠵᠤ᠂ ᠦᠨᠡᠨᠬᠦ ᠠᠳᠬᠤᠨ ᠪᠤᠳᠠᠳᠠᠢ ᠠᠵᠢᠯᠯᠠᠵᠥ᠂ ᠠᠮᠢ ᠠᠬᠤᠢ ᠪᠠᠶᠢᠭᠠᠯᠢ ᠤᠷᠴᠢᠨ ᠤ ᠳᠤᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠳᠡᠢ ᠬᠡᠵᠥ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号