ᠮᠣᠩᠭᠤᠯ ᠦᠬᠡ ᠬᠡᠯᠡ ᠦᠰᠦᠭ ᠪᠢᠴᠢᠭ ᠤᠨ ᠰᠤᠷᠠᠭ ᠵᠠᠩᠬᠢᠵᠢᠯᠳᠠ ᠶᠢᠨ ᠶᠡᠷᠦᠩᠬᠡᠶ ᠲᠠᠪᠴᠠᠩ ᠪᠠᠶᠢᠭᠤᠯᠬᠤ ᠨᠢ ᠬᠦᠬᠡᠬᠤᠳᠠ ᠶᠢᠨ ᠢᠷᠭᠡᠳ ᠤᠨ ᠠᠮᠢᠵᠢᠷᠠᠭᠠᠨ ᠤ ᠲᠤᠮᠤ ᠶᠠᠪᠤᠳᠠᠯ ᠳᠤ ᠲᠤᠭᠠᠴᠠᠭᠳᠠᠪᠠ 
ᠨᠡᠶᠢᠲᠡᠯᠡᠭᠰᠡᠨ ᠴᠠᠭ᠄
2018-06-13
      ᠰᠤᠷᠪᠤᠯᠵᠢᠯᠠᠭᠴᠢ 11 ᠤ ᠡᠳᠤᠷ ᠬᠦᠬᠡᠬᠤᠳᠠ ᠶᠢᠨ ᠦᠨᠳᠤᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠤᠶᠢᠯᠠᠭᠠᠭᠰᠠᠨ ᠢᠶᠠᠷ᠂ ᠦᠨᠦ ᠵᠢᠯ ᠬᠦᠬᠡᠬᠤᠳᠠ ︽ᠦᠨᠳᠤᠰᠦᠳᠡᠨ ᠤ ᠰᠤᠶᠤᠯ ᠢᠶᠠᠨ ᠤᠬᠠᠭᠤᠯᠬᠤ ᠬᠦᠴᠦᠯᠡᠴᠡ ᠪᠠᠨ ᠴᠢᠩᠬᠠᠳᠬᠠᠨ᠂ ᠢᠷᠭᠡᠳ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ︾ ᠵᠡᠷᠬᠡ ᠠᠷᠪᠠᠨ ᠲᠦᠷᠦᠯ ᠤᠨ ᠠᠵᠢᠯᠯᠠᠭ᠎ᠠ᠂ ︽ᠬᠦᠬᠡᠬᠤᠳᠠ ᠶᠢᠨ ᠮᠣᠩᠭᠤᠯ ᠬᠡᠯᠡ ᠪᠢᠴᠢᠭ ᠤᠨ ᠰᠤᠷᠠᠭ ᠵᠠᠩᠬᠢᠵᠢᠯᠳᠠ ᠶᠢᠨ ᠶᠡᠷᠦᠩᠬᠡᠢ ᠲᠠᠪᠴᠠᠩ︾ ᠂ ︽ᠲᠧᠯᠧᠶ᠋ᠰ ᠤᠨ ᠫᠷᠤᠭ᠍ᠷᠠᠮ ᠢ ᠡᠯᠪᠡᠭᠵᠢᠬᠦᠯᠵᠤ ᠮᠣᠩᠭᠤᠯ ᠦᠨᠳᠤᠰᠦᠳᠡᠨ ᠤ ᠰᠤᠨᠢᠷᠬᠠᠭᠴᠢᠳ ᠲᠤ ᠦᠢᠯᠡᠴᠢᠯᠡᠬᠦ︾ ᠵᠡᠷᠬᠡ ᠢᠷᠭᠡᠳ ᠤᠨ ᠠᠮᠢᠵᠢᠷᠠᠭᠠᠨ ᠤ 25 ᠲᠦᠷᠦᠯ ᠤᠨ ᠠᠵᠢᠯ ᠢ ᠰᠠᠶᠢᠳᠤᠷ ᠬᠢᠬᠦ ᠪᠠᠷ ᠪᠤᠢ᠃      ᠦᠪᠦᠷ ᠮᠣᠩᠭᠤᠯ ᠤᠨ ᠬᠦᠬᠡᠬᠤᠳᠠ ᠶᠢᠨ ᠦᠷᠭᠡᠨ ᠤᠯᠠᠨ ᠺᠠᠳ᠋ᠷ ᠠᠵᠢᠯᠳᠠᠨ ᠤ ᠮᠣᠩᠭᠤᠯ ᠦᠬᠡ ᠬᠡᠯᠡ ᠦᠰᠦᠭ ᠪᠢᠴᠢᠭ ᠰᠤᠷᠬᠤ ᠶᠢ ᠵᠤᠷᠢᠭᠵᠢᠭᠤᠯᠬᠤ ᠪᠦᠭᠡᠳ ᠲᠡᠮᠵᠢᠬᠦ ᠶᠢᠨ ᠲᠦᠯᠦᠬᠡ ᠬᠦᠬᠡᠬᠤᠳᠠ ᠶᠢᠨ ᠦᠨᠳᠤᠰᠦᠳᠡᠨ ᠤ ᠬᠡᠷᠡᠭ ᠡᠷᠬᠢᠯᠡᠬᠦ ᠵᠦᠪᠯᠡᠯ ᠮᠣᠩᠭᠤᠯ ᠦᠬᠡ ᠬᠡᠯᠡ ᠦᠰᠦᠭ ᠪᠢᠴᠢᠭ ᠤᠨ ᠰᠤᠷᠠᠭ ᠵᠠᠩᠬᠢᠵᠢᠯᠳᠠ ᠶᠢᠨ ᠪᠠᠶᠢᠭᠤᠯᠤᠯᠳᠠ ᠶᠢ ᠲᠦᠷᠭᠡᠳᠭᠡᠵᠤ᠂ ᠮᠣᠩᠭᠤᠯ ᠦᠬᠡ ᠬᠡᠯᠡ ᠦᠰᠦᠭ ᠪᠢᠴᠢᠭ ᠤᠨ ᠰᠤᠷᠠᠭ ᠵᠠᠩᠬᠢᠵᠢᠯᠳᠠ ᠶᠢᠨ ᠶᠡᠷᠦᠩᠬᠡᠢ ᠲᠠᠪᠴᠠᠩ ᠢ ᠪᠠᠶᠢᠭᠤᠯᠬᠤ᠂ ᠬᠢᠨᠠᠨ ᠰᠢᠯᠭᠠᠬᠤ ᠪᠤᠯᠤᠨ ᠠᠰᠢᠭᠯᠠᠯᠳᠠ ᠳᠤ ᠤᠷᠤᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ᠮᠣᠩᠭᠤᠯ ᠦᠨᠳᠤᠰᠦᠳᠡᠨ ᠪᠤᠯᠤᠨ ᠮᠣᠩᠭᠤᠯ ᠦᠨᠳᠤᠰᠦᠳᠡᠨ ᠤ ᠰᠤᠶᠤᠯ ᠢ ᠪᠠᠭ᠋ᠠᠷᠬᠠᠳᠠᠭ ᠢᠷᠭᠡᠳ ᠲᠤ ᠨᠧᠲ ᠢᠶᠠᠷ ᠲᠠᠮᠵᠢᠨ ᠤᠷᠴᠢᠭᠤᠯᠬᠤ᠂ ᠮᠣᠩᠭᠤᠯ ᠬᠡᠯᠡᠨ ᠤ ᠶᠠᠷᠢᠯᠴᠠᠯᠭ᠎ᠠ᠂ ᠤᠷᠠᠨ ᠵᠤᠬᠢᠶᠠᠯ᠂ ᠠᠶ᠎ᠠ ᠲᠠᠭᠤᠤ ᠰᠤᠷᠤᠯᠴᠠᠬᠤ ᠪᠤᠯᠤᠨ ᠮᠣᠩᠭᠤᠯ ᠤᠷᠠᠨ ᠪᠢᠴᠢᠯᠬᠡ ᠶᠢᠨ ᠵᠢᠭᠠᠨ ᠰᠤᠷᠭᠠᠯᠳᠠ ᠵᠡᠷᠬᠡ ᠦᠢᠯᠡᠴᠢᠯᠡᠭᠡ ᠬᠠᠩᠬᠠᠨ᠎ᠠ      5 ᠰᠠᠷ᠎ᠠ ᠶᠢᠨ ᠰᠡᠬᠦᠯᠴᠢ ᠪᠤᠯᠳᠠᠯ᠎ᠠ ᠲᠤᠰ ᠲᠠᠪᠴᠠᠩ ᠨᠢ ᠫᠠᠶᠢᠰᠠ ᠢᠯᠡᠷᠬᠡᠶᠢᠯᠡᠯ ᠢ ᠬᠢᠨᠠᠨ ᠰᠢᠯᠭᠠᠬᠤ ᠰᠢᠰᠲ᠋ᠧᠮ᠂ ᠤᠨᠯᠠᠶᠢᠨ ᠰᠤᠷᠬᠤ ᠴᠢᠳᠠᠮᠵᠢ ᠶᠢ ᠪᠡᠶᠡᠯᠡᠬᠦᠯᠦᠭᠰᠡᠨ ᠪᠦᠭᠡᠳ ᠲᠤᠷᠰᠢᠯᠳᠠ ᠶᠢᠨ ᠱᠠᠳᠤᠨ ᠳᠤ ᠪᠠᠨ ᠤᠷᠤᠪᠠ᠃ ᠭᠠᠷ ᠤᠳᠠᠰᠤ ᠪᠠᠷ ᠰᠤᠷᠤᠯᠴᠠᠬᠤ ᠲᠠᠪᠴᠠᠩ ᠮᠦᠨ ᠲᠤᠷᠰᠢᠯᠳᠠ ᠶᠢᠨ ᠱᠠᠳᠤᠨ ᠳᠤ ᠪᠠᠨ ᠪᠠᠶᠢᠵᠤ ᠱᠠᠭᠠᠷᠳᠠᠯᠭ᠎ᠠ ᠶᠤᠰᠤᠭᠠᠷ ᠲᠡᠬᠦᠯᠳᠡᠷᠵᠢᠬᠦᠯᠵᠤ ᠪᠤᠢ᠃ ᠰᠤᠷᠤᠯᠴᠠᠬᠤ ᠲᠠᠪᠴᠠᠩ ᠤᠨ ᠠᠭᠤᠯᠭ᠎ᠠ ᠶᠢᠨ ᠠᠩᠬᠠᠨ ᠤ ᠪᠦᠯᠦᠭ ᠳ᠋ᠡᠶᠢᠲ᠋ᠠ ᠬᠦᠮᠦᠷᠬᠡ ᠶᠢᠨ ᠰᠤᠷᠪᠤᠯᠵᠢ ᠶᠢ ᠲᠠᠭᠤᠰᠬᠠᠵᠤ ᠬᠢᠨᠠᠨ ᠰᠢᠯᠭᠠᠵᠤ ᠪᠤᠢ᠃ ᠨᠧᠲ ᠤᠨ ᠬᠠᠶ᠋᠊ᠢᠬ ᠨᠢ ᠨᠢᠬᠡᠨᠳᠡ ᠪᠦᠷᠢᠳᠭᠡᠬᠦᠯᠦᠭᠳᠡᠵᠤ᠂ IP ᠬᠠᠶ᠋᠊ᠢᠭ ᠢᠶᠠᠨ ᠤᠳᠤ ᠶᠠᠭ ᠪᠦᠷᠢᠳᠬᠡᠬᠦᠯᠵᠤ ᠪᠤᠢ᠃
 
ᠢᠷᠡᠯᠲᠡ᠄ ᠬᠦᠬᠡᠬᠤᠳᠠ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号