ᠪᠦᠬᠦ ᠣᠷᠣᠨ ᠤ ᠠᠩᠬᠠᠳᠠᠭᠴᠢ ᠠᠭᠠᠷ ᠠᠶᠠᠯᠠᠯ ᠤᠨ ᠡᠮᠴᠢᠯᠡᠭᠡᠨ ᠤ ᠠᠪᠣᠷᠠᠨ ᠲᠣᠰᠠᠯᠠᠬᠤ ᠰᠠᠭᠤᠷᠢᠨ ᠭᠠᠵᠠᠷ ᠪᠠᠶᠢᠭᠤᠯᠣᠭᠳᠠᠪᠠ
ᠨᠡᠶᠢᠲᠡᠯᠡᠭᠰᠡᠨ ᠴᠠᠭ᠄
2018-06-13
      ᠥᠴᠦᠭᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠭᠠᠷ ᠠᠶᠠᠯᠠᠯ ᠤᠨ ᠡᠮᠴᠢᠯᠡᠭᠡᠨ ᠤ ᠠᠪᠣᠷᠠᠨ ᠲᠣᠰᠠᠯᠠᠬᠤ ᠰᠠᠭᠤᠷᠢᠨ ᠭᠠᠵᠠᠷ ᠢ ᠡᠬᠢᠯᠡᠭᠦᠯᠬᠦ ᠶᠣᠰᠣᠯᠠᠯ ᠶᠠᠪᠣᠭᠳᠠᠭᠤᠯᠪᠠ᠃ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠦᠬᠡᠬᠤᠲᠠ ᠶᠢᠨ120 ᠡᠮᠴᠢᠯᠡᠭᠡᠨ ᠤ ᠲᠦᠷᠭᠡᠨ ᠠᠪᠤᠷᠠᠬᠤ ᠵᠢᠯᠣᠭᠤᠳᠬᠤ ᠲᠥᠪ ᠱᠠᠩᠬᠠᠢ ᠶᠢᠨ ᠶᠢᠨ ᠾᠦᠢ ᠲᠥᠩ ᠶᠥᠩ ᠠᠭᠠᠷ ᠠᠶᠠᠯᠠᠯ ᠤᠨ ᠬᠤᠪᠢᠴᠠᠭᠠᠲᠣ ᠬᠢᠵᠠᠭᠠᠷᠲᠣ ᠺᠣᠮᠫᠠᠨᠢ ᠲᠠᠢ ᠲᠣᠰᠪᠣᠷᠢ ᠵᠢᠩᠬᠢᠨᠢ ᠪᠠᠷ ᠭᠠᠷ ᠤᠨ ᠦᠰᠦᠭ ᠵᠢᠷᠣᠵᠣ ᠭᠡᠷ᠎ᠡ ᠲᠣᠭᠲᠠᠪᠠ᠃ ᠡᠨᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠮᠠᠨ ᠤ ᠣᠷᠣᠨ ᠤ ᠠᠩᠬᠠᠳᠠᠭᠴᠢ ᠠᠭᠠᠷ ᠠᠶᠠᠯᠠᠯ ᠤᠨ ᠡᠮᠴᠢᠯᠡᠭᠡᠨ ᠤ ᠠᠪᠣᠷᠠᠨ ᠲᠣᠰᠠᠯᠠᠬᠤ ᠰᠠᠭᠤᠷᠢᠨ ᠭᠠᠵᠠᠷ ᠲᠠᠢ ᠡᠮ ᠡᠮᠨᠡᠯᠭᠡ ᠶᠢᠨ ᠪᠠᠶᠢᠭᠤᠯᠣᠮᠵᠢ ᠪᠣᠯᠬᠤ ᠶᠢ ᠬᠠᠷᠠᠭᠤᠯᠵᠤ ᠪᠠᠶᠢᠭ᠎ᠠ ᠮᠦᠷᠲᠡᠭᠡᠨ ᠮᠠᠨ ᠤ ᠣᠷᠣᠨ ᠤ ᠠᠭᠠᠷ ᠠᠶᠠᠯᠠᠯ ᠤᠨ ᠡᠮᠴᠢᠯᠡᠭᠡᠨ ᠤ ᠠᠪᠣᠷᠠᠨ ᠲᠣᠰᠠᠯᠠᠬᠤ ᠪᠠᠶᠢᠭᠤᠯᠣᠯᠲᠠ ᠰᠢᠨ᠎ᠡ ᠱᠠᠲᠣ ᠦᠶ᠎ᠡ ᠳᠤ ᠣᠷᠣᠭᠰᠠᠨ ᠢ ᠪᠡᠯᠭᠡᠳᠡᠵᠦ ᠪᠠᠶᠢᠭ᠎ᠠ ᠶᠤᠮ᠃
 
ᠢᠷᠡᠯᠲᠡ᠄ ᠬᠥᠬᠡᠬᠤᠲᠠ  ᠶᠢᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号