2018 ᠤᠨ ᠤ ︽ᠰᠤᠶᠤᠯ ᠪᠠ ᠪᠠᠶᠢᠭᠠᠯᠢ ᠶᠢᠨ ᠦᠪ ᠢ ᠬᠠᠮᠠᠭᠠᠯᠠᠬᠤ ᠡᠳᠤᠷ︾ ᠤᠨ ᠦᠪᠦᠷ ᠮᠤᠩᠭᠤᠯ ᠳᠠᠬᠢ ᠭᠤᠤᠯ ᠳᠠᠯᠠᠪᠠᠢ ᠶᠢᠨ ᠠᠵᠢᠯᠯᠠᠭ᠎ᠠ ᠵᠢᠴᠢ ᠬᠤᠶᠠᠳᠤᠭᠠᠷ ᠬᠤᠭᠤᠴᠠᠭᠠᠨ ᠤ ᠬᠦᠬᠡᠬᠤᠳᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠰᠤᠳᠤᠨ ᠪᠦᠳᠦᠭᠡᠯ ᠤᠨ ᠦᠵᠡᠭᠦᠯᠦᠯᠭᠡ ᠪᠤᠷᠤᠯᠠᠭᠤᠯᠭ᠎ᠠ ᠶᠢᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2018-06-13
     6 ᠳ᠋ᠤᠭᠠᠷ ᠰᠠᠷ᠎ᠠ ᠶᠢᠨ 9 ᠤ ᠡᠳᠤᠷ᠂ 2018 ᠤᠨ ᠤ ︽ᠰᠤᠶᠤᠯ ᠪᠠ ᠪᠠᠶᠢᠭᠠᠯᠢ ᠶᠢᠨ ᠦᠪ ᠢ ᠬᠠᠮᠠᠭᠠᠯᠠᠬᠤ ᠡᠳᠤᠷ︾ ᠤᠨ ᠦᠪᠦᠷ ᠮᠤᠩᠭᠤᠯ ᠳᠠᠬᠢ ᠭᠤᠤᠯ ᠳᠠᠯᠠᠪᠠᠢ ᠶᠢᠨ ᠠᠵᠢᠯᠯᠠᠭ᠎ᠠ ᠵᠢᠴᠢ ᠬᠤᠶᠠᠳᠤᠭᠠᠷ ᠬᠤᠭᠤᠴᠠᠭᠠᠨ ᠤ ᠬᠦᠬᠡᠬᠤᠳᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠰᠤᠳᠤᠨ ᠪᠦᠳᠦᠭᠡᠯ ᠤᠨ ᠦᠵᠡᠭᠦᠯᠦᠯᠭᠡ ᠪᠤᠷᠤᠯᠠᠭᠤᠯᠭ᠎ᠠ ᠶᠢᠨ ᠴᠤᠭᠯᠠᠭᠠᠨ ᠬᠦᠬᠡᠬᠤᠳᠠ ᠳᠤ ᠡᠬᠢᠯᠡᠪᠡ᠃      ᠳᠤᠮᠳᠠᠳᠤ ᠤᠯᠤᠰ ᠤᠨ ᠤᠷᠠᠯᠢᠭ ᠰᠤᠳᠤᠯᠬᠤ ᠬᠦᠷᠢᠶᠡᠯᠡᠩ ︵ᠳᠤᠮᠳᠠᠳᠤ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠲᠦᠪ︶ ᠤᠨ ᠳᠠᠷᠤᠭ᠎ᠠ ᠯᠢᠶᠠᠨ ᠵᠢᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠥᠪᠡᠷᠲᠡᠬᠡᠨ ᠵᠠᠰᠠᠬᠤ ᠤᠷᠤᠨ ᠤ ᠤᠬᠠᠭᠤᠯᠬᠤ ᠬᠡᠯᠳᠡᠰ ᠤᠨ ᠳᠠᠷᠤᠭ᠎ᠠ ᠪᠠᠢ ᠢᠦᠢ ᠭᠠᠩ᠂ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠠᠢ ᠯᠢ ᠬᠤᠸᠠ ᠡᠬᠢᠯᠡᠯᠳᠡ ᠶᠢᠨ ᠶᠤᠰᠤᠯᠠᠯ  ᠳᠤ ᠤᠷᠤᠯᠴᠠᠪᠠ᠃      ᠲᠤᠰ ᠠᠵᠢᠯᠯᠠᠭ᠎ᠠ ᠶᠢ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠳᠡᠦᠭᠡ ᠶᠢᠨ ᠲᠤᠷᠠᠰᠬᠠᠯᠳᠤ ᠵᠦᠢᠯᠡᠰ ᠤᠨ ᠲᠤᠪᠴᠢᠶ᠎ᠠ᠂ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠪᠤᠳᠠᠰ ᠤᠨ ᠪᠤᠰᠤ ᠰᠤᠶᠤᠯ ᠤᠨ ᠦᠪ ᠢ ᠳᠡᠯᠭᠡᠨ ᠦᠵᠡᠭᠦᠯᠬᠦ᠂ ᠲᠤᠭᠯᠠᠨ ᠦᠵᠡᠭᠦᠯᠬᠦ ᠪᠠ ᠪᠤᠷᠤᠯᠠᠭᠤᠯᠬᠤ᠂ ᠳᠡᠦᠭᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠵᠡᠷᠭᠡ ᠤᠯᠠᠨ ᠲᠦᠷᠦᠯ ᠤᠨ ᠠᠵᠢᠯᠯᠠᠭ᠎ᠠ ᠵᠡᠷᠭᠡᠪᠡᠷ ᠶᠠᠪᠤᠭᠳᠠᠵᠤ᠂ ᠦᠪᠡᠷᠳᠡᠭᠡᠨ ᠵᠠᠰᠠᠬᠤ ᠤᠷᠤᠨ ᠤ ᠳᠡᠦᠭᠡ ᠶᠢᠨ ᠲᠤᠷᠠᠰᠬᠠᠯᠳᠤ ᠵᠦᠢᠯᠡᠰ ᠪᠠ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠬᠠᠮᠠᠭᠠᠯᠠᠵᠤ ᠪᠠᠶᠢᠭ᠎ᠠ ᠦᠷ᠎ᠡ ᠪᠦᠳᠦᠮᠵᠢ ᠶᠢ ᠤᠯᠠᠨ ᠬᠠᠷᠠᠭᠠᠰᠤ ᠠᠴᠠ ᠳᠡᠯᠭᠡᠨ ᠦᠵᠡᠭᠦᠯᠵᠤ᠂ ᠮᠠᠨ ᠤ ᠤᠷᠤᠨ ᠤ ᠪᠦᠬᠦ ᠨᠡᠶᠢᠭᠡᠮ ᠢᠶᠠᠷ ᠢᠶᠠᠨ ᠳᠡᠦᠭᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠰᠤᠶᠤᠯ ᠤᠨ ᠦᠪ ᠢ ᠤᠯᠠᠮᠵᠢᠯᠠᠨ ᠬᠠᠮᠠᠭᠠᠯᠠᠵᠤ᠂ ᠬᠦᠭᠵᠢᠭᠦᠯᠦᠨ ᠠᠰᠢᠭᠯᠠᠬᠤ ᠤᠷᠴᠢᠨ ᠢ ᠪᠦᠷᠢᠯᠳᠦᠭᠦᠯᠬᠦ ᠶᠢ ᠵᠤᠷᠢᠭᠰᠠᠨ ᠪᠠᠶᠢᠨ᠎ᠠ᠃      ᠡᠬᠢᠯᠡᠯᠳᠡ ᠶᠢᠨ ᠶᠤᠰᠤᠯᠠᠯ ᠳᠡᠭᠡᠷ᠎ᠡ᠂ ᠬᠠᠮᠢᠶ᠎ᠠ ᠪᠦᠬᠦᠢ ᠤᠳᠤᠷᠢᠳᠤᠯᠭ᠎ᠠ ᠨᠠᠷ ᠵᠢᠷᠭᠤᠳᠤᠭᠠᠷ ᠬᠤᠭᠤᠴᠠᠭᠠᠨ ᠤ ᠬᠦᠬᠡᠬᠤᠳᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠬᠢᠬᠡᠳ 2017 ᠤᠨ ᠤ ᠬᠦᠬᠡᠬᠤᠳᠠ ᠶᠢᠨ ︽ᠤᠷᠳᠤ ᠴᠠᠭᠠᠨ ᠬᠡᠷᠡᠮ᠂ ᠬᠠᠭᠤᠴᠢᠨ ᠬᠤᠳᠠ ᠵᠡᠷᠭᠡ ᠳᠡᠦᠭᠡ ᠶᠢᠨ ᠲᠤᠷᠠᠰᠬᠠᠯᠳᠤ ᠵᠦᠢᠯᠡᠰ ᠤᠨ ᠪᠠᠭᠤᠷᠢ ᠶᠢᠨ ᠰᠢᠯᠢᠳᠡᠭ ᠰᠠᠬᠢᠭᠴᠢ︾ ᠳᠤ ᠱᠠᠩᠨᠠᠯ ᠭᠠᠷᠳᠠᠭᠤᠯᠵᠤ᠂ ︽ᠮᠤᠨᠢ ᠠᠭᠤᠯᠠ ᠪᠤᠳᠠᠰ ᠤᠨ ᠪᠤᠰᠤ ᠰᠤᠶᠤᠯ  ᠤᠨ ᠦᠪ ᠤᠨ ᠪᠠᠯᠭᠠᠰᠤ︾ ᠶᠢᠨ ᠫᠠᠶᠢᠰᠠ ᠰᠡᠭᠦᠬᠦ ᠶᠤᠰᠤᠯᠠᠯ ᠶᠠᠪᠤᠭᠳᠠᠪᠠ᠃      ᠲᠤᠰ ᠠᠵᠢᠯᠯᠠᠭ᠎ᠠ ᠶᠢᠨ ᠭᠤᠤᠯ ᠲᠠᠯᠠᠪᠠᠢ ᠳᠤ ︽ᠭᠠᠶᠢᠬᠠᠮᠰᠢᠭᠲᠤ︾ ᠮᠤᠩᠭᠤᠯ ᠬᠡᠷ᠂ ᠬᠦᠬᠡᠬᠤᠳᠠ ᠶᠢᠨ ᠴᠠᠭᠠᠰᠤᠨ ᠬᠠᠶᠢᠴᠢᠯᠠᠮᠠᠯ ᠤᠨ ᠦᠵᠡᠭᠦᠯᠦᠯᠭᠡ᠂ ᠪᠤᠳᠠᠰ ᠤᠨ ᠪᠤᠰᠤ ᠰᠤᠶᠤᠯ ᠤᠨ ᠦᠪ ᠤᠨ ᠦᠵᠡᠭᠦᠯᠦᠯᠭᠡ᠂ ᠪᠤᠳᠠᠰ  ᠤᠨ ᠪᠤᠰᠤ ᠰᠤᠶᠤᠯ ᠤᠨ ᠦᠪ ᠢ ᠤᠯᠠᠮᠵᠢᠯᠠᠨ ᠰᠤᠷᠤᠯᠴᠠᠬᠤ ᠪᠡᠶᠡᠴᠢ ᠤᠷᠤᠯᠴᠠᠭ᠎ᠠ᠂ ᠪᠦᠳᠦᠭᠡᠯᠴᠢ ᠰᠤᠶᠤᠯ ᠤᠨ ᠦᠢᠯᠡᠳᠭᠦᠨ ᠤ ᠦᠵᠡᠭᠦᠯᠦᠯᠭᠡ ᠵᠡᠷᠭᠡ 8 ᠠᠵᠢᠯᠯᠠᠭ᠎ᠠ ᠶᠠᠪᠤᠭᠳᠠᠭᠰᠠᠨ ᠪᠠᠶᠢᠨ᠎ᠠ᠃ ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号