ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠤᠸᠠᠩ ᠶᠠ ᠯᠢ ᠦᠴᠦᠸᠠᠨ ᠰᠢᠶᠠᠨ ᠳᠤ ᠭᠦᠨᠵᠡᠭᠡᠶᠢᠷᠡᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠶᠢᠴᠠᠭᠠᠨ ᠰᠣᠳᠤᠯᠵᠤ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2018-06-14
           6 ᠳ᠋ᠤᠭᠠᠷ ᠰᠠᠷ᠎ᠠ ᠶᠢᠨ 9 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠤᠸᠠᠩ ᠶᠠ ᠯᠢ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠯᠢᠦ ᠷᠦᠢ ᠬᠤᠩ ᠮᠠᠨ ᠤ ᠰᠢᠶᠠᠨ ᠳᠤ ᠭᠦᠨᠵᠡᠭᠡᠶᠢᠷᠡᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠶᠢᠴᠠᠭᠠᠨ ᠰᠣᠳᠤᠯᠵᠤ ᠵᠢᠭᠠᠨ ᠵᠢᠯᠤᠭᠤᠳᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠳ᠋ᠦᠩ ᠱᠧᠩ ᠪᠠᠷ᠎ᠠ ᠪᠣᠯᠵᠤ ᠪᠠᠶᠢᠴᠠᠭᠠᠨ ᠰᠣᠳᠤᠯᠤᠯᠲᠠ ᠬᠢᠪᠡ᠃
           ᠬᠤᠸᠠᠩ ᠶᠠ ᠯᠢ ᠨᠠᠷ ᠤᠷᠢᠳ ᠬᠤᠵᠢᠳ ᠳᠠᠯᠠᠨ ᠬᠠᠷ᠎ᠠ ᠰᠢᠶᠠᠩ ᠤᠨ ᠣᠩᠭᠤᠨ ᠳᠠᠪᠠᠭᠠᠨ ᠣᠷᠤᠢ ᠲᠤᠰᠬᠤᠨ᠂ ᠵᠡᠷᠯᠢᠭ ᠭᠤᠣ ᠲᠤᠰᠬᠤᠨ ᠳᠤ ᠬᠦᠷᠴᠦ ᠲᠤᠬᠠᠢ ᠶᠢᠨ ᠭᠠᠵᠠᠷ ᠤᠨ ᠪᠠᠶᠢᠴᠠᠭᠠᠨ ᠰᠣᠳᠤᠯᠤᠯᠲᠠ ᠰᠣᠷᠪᠤᠯᠵᠢᠯᠠᠭ᠎ᠠ ᠬᠢᠵᠤ᠂ ᠶᠠᠳᠠᠭᠤ ᠶᠢ ᠲᠡᠳᠬᠦᠬᠦ ᠠᠵᠢᠯ ᠤᠨ ᠠᠬᠢᠴᠠ ᠵᠢᠴᠢ ᠲᠤᠰᠬᠤᠨ ᠳᠤ ᠰᠠᠭᠤᠭ᠎ᠠ ᠺᠠᠳ᠋ᠷ ᠤᠨ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠭᠠᠬᠤ ᠶᠢᠨ ᠬᠠᠮᠲᠤ ᠵᠡᠷᠯᠢᠭ ᠭᠤᠤ ᠲᠤᠰᠬᠤᠨ ᠳᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠤᠯᠠᠭᠠᠨᠪᠤᠯᠠᠭ ᠲᠤᠰᠬᠤᠨ᠂ ᠵᠡᠷᠯᠢᠭ ᠭᠤᠤ ᠲᠤᠰᠬᠤᠨ᠂ ᠪᠠᠭ᠎ᠠ ᠬᠤᠵᠢᠷᠲᠤ ᠲᠠᠯ᠎ᠠ ᠲᠤᠰᠬᠤᠨ ᠤ ᠨᠠᠮ ᠤᠨ ᠡᠭᠦᠷ ᠪᠠ ᠲᠤᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ᠃
           ᠬᠤᠸᠠᠩ ᠶᠠ ᠯᠢ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠶᠢ ᠲᠡᠳᠬᠦᠵᠤ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠤᠯᠭ᠎ᠠ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠶᠢᠯᠭᠠᠵᠤ᠂ ᠶᠠᠳᠠᠭᠤ ᠶᠢ ᠲᠡᠳᠬᠦᠬᠦ ᠲᠥᠷᠦ ᠶᠢᠨ ᠪᠣᠳᠤᠯᠭ᠎ᠠ ᠶᠢ ᠦᠷᠭᠡᠨ ᠢᠶᠠᠷ ᠤᠬᠠᠭᠤᠯᠵᠤ᠂《ᠬᠤᠶᠠᠷ ᠵᠥᠪᠯᠡᠯ》 ᠤᠨ ᠬᠤᠭᠤᠴᠠᠭ᠎ᠠ ᠰᠣᠯᠢᠬᠤ ᠲᠠᠰᠢᠷᠠᠮ ᠢᠶᠠᠷ᠂ ᠲᠤᠰᠬᠤᠨ ᠤ《ᠬᠤᠶᠠᠷ ᠵᠥᠪᠯᠡᠯ》 ᠤᠨ ᠪᠠᠭ ᠤᠨ ᠪᠥᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠪᠥᠲᠦᠭᠡᠨ ᠪᠠᠶᠢᠭᠤᠯᠤᠯᠲᠠ ᠪᠠᠷ ᠶᠠᠳᠠᠭᠤ ᠶᠢ ᠲᠡᠳᠬᠦᠬᠦ ᠶᠢ ᠳᠠᠶᠢᠴᠢᠯᠠᠵᠤ᠂ ᠬᠦᠴᠦᠨ ᠢᠶᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠨ ᠢ ᠰᠠᠶᠢᠨ ᠬᠢᠬᠦ ᠬᠡᠷᠡᠭᠲᠠᠢ ᠭᠡᠪᠡ᠃
           ᠬᠤᠸᠠᠩ ᠶᠠ ᠯᠢ ᠵᠢᠭᠠᠵᠤ ᠭᠠᠷᠭᠠᠭᠰᠠᠨ ᠨᠢ᠂ ᠨᠢᠭᠡ ᠳᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠨᠡᠬᠦ ᠵᠠᠩᠭᠢᠯᠠᠭ᠎ᠠ ᠶᠢ ᠠᠳᠬᠤᠵᠤ᠂ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠶᠠᠳᠠᠭᠤ ᠶᠢ ᠲᠡᠳᠬᠦᠬᠦ ᠠᠵᠢᠯ ᠤᠨ ᠲᠥᠰᠦᠯ ᠢ ᠲᠤᠭᠲᠠᠭᠠᠵᠤ᠂ ᠶᠠᠳᠠᠭᠤ ᠶᠢ ᠲᠡᠳᠬᠦᠬᠦ ᠪᠣᠳᠠᠳᠠᠢ ᠠᠷᠭ᠎ᠠ ᠬᠡᠮᠵᠢᠶ᠎ᠡ ᠶᠢ ᠰᠣᠳᠤᠯᠵᠤ᠂ ᠲᠤᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ ᠠᠵᠤ ᠦᠢᠯᠡᠰ ᠢᠶᠠᠷ ᠲᠤᠰᠬᠤᠨ ᠤ ᠠᠷᠠᠳ ᠤᠨ ᠣᠷᠤᠯᠭ᠎ᠠ ᠨᠡᠮᠡᠭᠳᠡᠵᠤ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠨ᠎ᠠ︔ ᠬᠤᠶᠠᠷ ᠲᠤ᠂ ᠲᠤᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠬᠦᠴᠢᠷᠳᠡᠯᠲᠤ ᠣᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠰᠠᠶᠢᠲᠤᠷ ᠬᠢᠵᠤ᠂ ᠶᠠᠳᠠᠭᠤ ᠶᠢ ᠲᠡᠳᠬᠦᠬᠦ ᠪᠣᠯᠤᠨ《 ᠵᠣᠷᠢᠭ ᠢᠶᠠᠷ ᠲᠡᠳᠬᠦᠬᠦ》᠂《 ᠣᠶᠤᠨ ᠢᠶᠠᠷ ᠲᠡᠳᠬᠦᠬᠦ》 ᠶᠢ ᠤᠶᠠᠯᠳᠤᠭᠤᠯᠤᠨ᠂ ᠦᠪᠡᠷ ᠪᠡᠶ᠎ᠡ ᠶᠢᠨ ᠬᠥᠭᠵᠢᠯᠲᠡ ᠶᠢᠨ ᠳᠣᠲᠤᠭᠠᠳᠤ  ᠬᠦᠳᠡᠯᠭᠡᠬᠦ ᠬᠦᠴᠦᠨ ᠢ ᠬᠥᠭᠵᠢᠭᠡᠵᠤ᠂ ᠶᠠᠳᠠᠭᠤ ᠬᠦᠴᠢᠷᠳᠡᠯᠲᠤ ᠣᠯᠠᠨ ᠲᠦᠮᠡᠨ ᠢ ᠬᠠᠪᠰᠤᠷᠴᠤ ᠦᠵᠡᠯ ᠲᠠᠨᠢᠯᠲᠠ ᠪᠠᠨ ᠳᠡᠭᠡᠭᠰᠢᠯᠡᠭᠦᠯᠦᠨ᠂ ᠦᠪᠡᠷ ᠢᠶᠠᠨ ᠬᠦᠴᠦᠷᠬᠡᠭᠵᠢᠨ ᠪᠡᠶ᠎ᠡ ᠳᠠᠭᠠᠭᠠᠬᠤ ᠤᠬᠠᠮᠰᠠᠷ ᠢ ᠪᠦᠷᠢᠯᠳᠦᠭᠦᠯᠦᠨ᠎ᠡ᠃ ᠭᠤᠷᠪᠠ ᠳᠤ᠂ ᠲᠤᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠬᠢᠨ ᠡᠷᠬᠡᠪᠰᠢ ᠰᠢᠨᠲᠠᠷᠠᠰᠢ ᠦᠭᠡᠢ ᠴᠢᠷᠮᠠᠶᠢᠵᠤ᠂ ᠨᠢᠭᠡᠳᠦᠭᠡᠷ ᠹᠷᠤᠨᠲ ᠳᠤ ᠭᠦᠨᠵᠡᠭᠡᠶᠢᠷᠡᠵᠤ᠂ ᠪᠥᠬᠦ ᠪᠡᠶ᠎ᠡ ᠰᠡᠳᠬᠢᠯ ᠢᠶᠠᠨ ᠲᠤᠰᠬᠤᠨ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠠᠵᠢᠯ ᠳᠣᠮᠳᠠ ᠣᠷᠤᠭᠤᠯᠤᠨ᠎ᠠ᠃《 ᠣᠨᠤᠪᠴᠢᠲᠠᠢ》ᠪᠠᠶᠢᠬᠤ ᠳᠡᠭᠡᠷ᠎ᠡ ᠬᠦᠴᠦ ᠣᠷᠤᠭᠤᠯᠵᠤ᠂ ᠶᠠᠳᠠᠭᠤ ᠶᠢ ᠲᠡᠳᠬᠦᠬᠦ ᠲᠥᠷᠦ ᠶᠢᠨ ᠪᠣᠳᠤᠯᠭ᠎ᠠ ᠶᠢ ᠪᠤᠯᠪᠠᠰᠤᠷᠠᠩᠭᠤᠢ ᠬᠡᠷᠡᠭᠯᠡᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠶᠢᠨ ᠪᠤᠲᠠᠲᠠᠶᠢᠵᠢᠨ ᠨᠠᠶᠢᠳᠠᠪᠤᠷᠢᠵᠢᠬᠤ ᠶᠢ ᠪᠠᠲᠤᠯᠠᠬᠤ ᠬᠡᠷᠡᠭᠲᠠᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号