ᠮᠠᠨ ᠤ ᠬᠤᠲᠠ ᠰᠤᠷᠭᠠᠨ ᠬᠥᠮᠦᠵᠢᠯ ᠤᠨ ᠰᠢᠰᠲ᠋ᠧᠮ ᠤᠨ ᠨᠢᠭᠡᠳᠦᠭᠡᠷ ᠹᠷᠣᠨᠲ ᠤᠨ ᠪᠠᠭᠰᠢ ᠨᠠᠷ ᠲᠤ 300 ᠨᠡᠶᠢᠲᠡ ᠶᠢᠨ ᠲᠦᠷᠢᠶᠡᠰᠦᠨ  ᠭᠡᠷ ᠲᠤᠬᠢᠷᠠᠭᠤᠯᠵᠤ ᠥᠭᠪᠡ
ᠨᠡᠶᠢᠲᠡᠯᠡᠭᠰᠡᠨ ᠴᠠᠭ᠄
2018-06-14
     ᠮᠠᠨ ᠤ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠢᠭᠡᠳᠦᠭᠡᠷ ᠹᠷᠣᠨᠲ ᠤᠨ ᠪᠠᠭᠰᠢ ᠨᠠᠷ ᠤᠨ ᠣᠷᠣᠨ ᠰᠠᠭᠤᠴᠠ ᠶᠢᠨ ᠬᠦᠴᠢᠷᠳᠡᠯ ᠲᠠᠢ ᠠᠰᠠᠭᠤᠳᠠᠯ ᠢ ᠲᠣᠬᠢᠲᠠᠶ ᠰᠢᠢᠳᠪᠦᠷᠢᠯᠡᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠴᠢᠳᠠᠪᠤᠷᠢᠲᠠᠨ ᠤ ᠡᠩᠨᠡᠭᠡ ᠶᠢ ᠲᠣᠭᠲᠠᠭᠤᠨ ᠪᠠᠶᠢᠯᠭᠠᠵᠤ᠂ ᠪᠠᠭᠰᠢ ᠨᠠᠷ ᠢ ᠰᠡᠳᠬᠢᠯ ᠠᠮᠤᠷ ᠬᠢᠴᠢᠶᠡᠯᠯᠡᠭᠦᠯᠵᠦ᠂ ᠲᠠᠯᠠᠢ ᠳᠠᠭᠠᠤ  ᠭᠠᠵᠠᠷ ᠣᠷᠣᠨ ᠬᠢᠭᠡᠳ ᠠᠨᠾᠦ᠋ᠢ ᠮᠤᠵᠢ ᠶᠢᠨ ᠪᠠᠭᠰᠢ ᠶᠢᠨ ᠣᠷᠣᠨ ᠰᠠᠭᠤᠴᠠ ᠪᠠᠲᠤᠯᠭᠠᠨ ᠤ ᠪᠦᠳᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠳᠤ ᠤᠷᠤᠭᠤᠯᠤᠭᠰᠠᠨ ᠲᠡᠷᠢᠭᠦᠨ ᠤ ᠠᠷᠭ᠎ᠠ ᠪᠠᠷ ᠯᠠᠪᠯᠠᠯᠲᠠ ᠪᠣᠯᠭᠠᠵᠤ᠂ ᠮᠠᠨ ᠤ ᠬᠤᠲᠠ ᠡᠨᠡ ᠵᠢᠯ  ᠬᠤᠲᠠ ᠶᠢᠨ ᠳᠥᠷᠪᠡᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠨᠢᠭᠡᠳᠦᠭᠡᠷ ᠹᠷᠣᠨᠲ ᠤᠨ ᠪᠠᠭᠰᠢ ᠨᠠᠷ   ᠲᠤ 300 ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ  ᠲᠤᠬᠢᠷᠠᠭᠤᠯᠤᠨ ᠥᠭᠴᠦ᠂ ᠤᠶᠢᠷ᠎ᠠ ᠶᠢᠨ ᠡᠳᠦᠷ ᠡᠯ᠎ᠡ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠳᠤ  ᠬᠤᠪᠢᠶᠠᠷᠢᠯᠠᠨ ᠥᠭᠴᠡᠢ᠂  ᠤᠳᠤᠬᠠᠨ ᠳᠤ ᠣᠷᠣᠵᠤ ᠰᠠᠭᠤᠬᠤ ᠲᠤᠬᠠᠶ ᠬᠠᠮᠢᠶ᠎ᠠ ᠪᠥᠬᠦᠢ ᠣᠴᠢᠷ ᠤᠳ ᠢ ᠰᠢᠢᠳᠪᠦᠷᠢᠯᠡᠵᠦ ᠪᠠᠶᠢᠨ᠎ᠠ᠂ ᠣᠷᠣᠵᠤ ᠰᠠᠭᠤᠬᠤ ᠭᠠᠷ ᠭᠦᠢᠴᠡᠳᠭᠡᠯ ᠤᠨ ᠠᠵᠢᠯ 6 ᠳ᠋ᠤᠭᠠᠷ ᠰᠠᠷ᠎ᠠ ᠶᠢᠨ 30 ᠤ ᠡᠳᠦᠷ ᠳᠠᠭᠤᠰᠤᠨ᠎ᠠ᠃       ᠮᠠᠨ ᠤ ᠬᠤᠳᠠ ᠭᠤᠶᠤᠴᠢᠯᠠᠬᠤ ᠨᠥᠬᠦᠴᠡᠯ ᠳᠤ ᠨᠡᠶᠢᠴᠡᠬᠦ ᠨᠢᠭᠡᠳᠦᠭᠡᠷ ᠹᠷᠣᠨᠲ ᠤᠨ ᠪᠠᠭᠰᠢ ᠨᠠᠷ ᠲᠤ ᠨᠡᠶᠢᠲᠡ ᠶᠢᠨ ᠲᠦᠷᠢᠶᠡᠰᠦᠨ ᠤᠷᠤᠨ ᠰᠠᠭᠤᠴᠠ ᠬᠠᠩᠭᠠᠬᠤ ᠡᠨᠡ ᠬᠦ ᠠᠷᠭ᠎ᠠ ᠬᠡᠮᠵᠢᠶ᠎ᠡ ᠨᠢ᠂ ᠰᠤᠷᠭᠠᠨ ᠬᠥᠮᠦᠵᠢᠯ ᠤᠨ ᠰᠢᠰᠲ᠋ᠧᠮ ᠳᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠬᠦᠴᠦᠲᠡᠶ ᠪᠠᠲᠤᠯᠠᠭ᠎ᠠ ᠬᠠᠩᠭᠠᠵᠤ᠂ ᠡᠭᠦᠨ ᠤ ᠬᠠᠮᠲᠤ ᠬᠤᠳᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠶᠡᠬᠡᠪᠡᠷ ᠲᠡᠭᠡᠭᠰᠢᠯᠡᠭᠦᠯᠦᠨ᠂ ᠡᠨᠡ ᠬᠦ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号