2018 ᠤᠨ ᠤ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠬᠠᠨᠳᠤᠰᠢ
ᠨᠡᠶᠢᠲᠡᠯᠡᠭᠰᠡᠨ ᠴᠠᠭ᠄
2018-06-14
      ᠰᠤᠷᠭᠠᠨ ᠬᠦᠮᠦᠵᠢᠯ ᠤᠨ ᠶᠠᠮᠤᠨ ᠤ ᠨᠡᠶᠢᠲᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ 2018 ᠤᠨ ᠤ ᠪᠦᠬᠦ ᠤᠯᠤᠰ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠭᠡᠲᠦᠯᠲᠡᠢ ᠰᠢᠯᠭᠠᠯᠲᠠ ᠳᠤ ᠨᠡᠷ ᠎ᠡ ᠮᠡᠳᠡᠭᠦᠯᠦᠭᠰᠡᠳ 975 ᠲᠦᠮᠡ ᠳᠤ ᠬᠦᠷᠴᠦ᠂ ᠡᠨᠡ ᠨᠢ ᠲᠡᠭᠡᠷ᠎ᠡ ᠵᠢᠯ ᠤᠨ ᠬᠢ ᠠᠴᠠ 35 ᠲᠦᠮᠡ ᠨᠡᠮᠡᠭᠳᠡᠵᠡᠢ᠃ ᠲᠡᠭᠡᠪᠡᠯ ᠤᠯᠤᠰ ᠤᠨ ᠨᠢᠭᠡᠲᠦᠯᠲᠡᠢ ᠰᠢᠯᠭᠠᠯᠲᠠ ᠶᠢᠨ ᠰᠢᠨ᠎ᠡ ᠲᠦᠷᠢᠮ ᠡᠬᠢᠯᠡᠵᠦ ᠶᠠᠪᠤᠭᠳᠠᠭᠰᠠᠨ ᠤ ᠲᠠᠷᠠᠭ᠎ᠠ᠂ ᠡᠯ᠎ᠡ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ ᠳᠤ ᠶᠠᠮᠠᠷᠬᠠᠨ ᠬᠤᠪᠢᠷᠠᠯᠲᠠ ᠭᠠᠷᠤᠭᠰᠠᠨ ᠪᠤᠯ︖ ᠶᠠᠮᠠᠷ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠭᠰᠡᠨ ᠪᠤᠢ︖ ᠴᠢᠳᠠᠪᠤᠷᠢᠲᠠᠨ ᠬᠦᠮᠦᠵᠢᠭᠦᠯᠬᠦ ᠲᠠᠯ᠎ᠠ ᠪᠠᠷ ᠶᠠᠮᠠᠷᠬᠠᠨ ᠬᠢᠯᠠᠰ ᠴᠡᠭ ᠪᠠᠶᠢᠭ᠎ᠠ ᠪᠤᠯ︖ ᠡᠳᠡᠭᠡᠷ ᠤᠯᠠᠨ ᠠᠰᠠᠭᠤᠳᠠᠯ ᠨᠢ ᠰᠢᠯᠭᠠᠭᠤᠯᠤᠭᠰᠠᠳ ᠪᠠ ᠭᠡᠷ ᠤᠨ ᠠᠬᠠᠮᠠᠳ ᠤᠨ ᠠᠩᠬᠠᠷᠤᠯ ᠢ ᠲᠠᠳᠠᠵᠠᠢ᠃      1. ᠰᠢᠯᠭᠠᠯᠲᠠ ᠶᠢᠨ ᠲᠦᠷᠢᠮ ᠤᠯᠠᠮ ᠲᠦᠪ ᠴᠢᠩᠭ᠎ᠠ ᠪᠤᠯᠪᠠ      ᠲᠦᠪ ᠴᠢᠩᠭ᠎ᠠ ᠪᠤᠯᠤᠭᠰᠠᠨ ᠭᠡᠳᠡᠭ ᠨᠢ ᠡᠨᠡ ᠵᠢᠯ ᠤᠨ ᠤᠯᠤᠰ ᠤᠨ ᠨᠢᠭᠡᠲᠦᠯᠲᠡᠢ ᠰᠢᠯᠭᠠᠯᠲᠠ ᠪᠠᠷ ᠰᠤᠷᠤᠭᠴᠢ ᠡᠯᠰᠡᠬᠦ ᠠᠵᠢᠯ ᠤᠨ ᠲᠡᠷᠢᠭᠦᠨ ᠵᠠᠩᠭᠢᠯᠠᠭ᠎ᠠ ᠶᠢᠨ ᠦᠭᠡ ᠪᠤᠯᠬᠤ ᠨᠢ ᠯᠠᠪᠲᠠᠢ᠃ ᠡᠨᠡ ᠵᠢᠯ ᠤᠨ 3 ᠰᠠᠷ᠎ᠠ ᠳᠤ᠂ ᠰᠤᠷᠭᠠᠨ ᠬᠦᠮᠦᠵᠢᠯ ᠤᠨ ᠶᠠᠮᠤᠨ ᠠᠴᠠ ︽2018 ᠤᠨ ᠤ ᠡᠩ ᠤᠨ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ︾ ᠨᠡᠶᠢᠲᠡᠯᠡᠵᠦ᠂ ᠲᠠᠮᠢᠷ ᠤᠨ ᠤᠨᠴᠠ ᠠᠪᠢᠶᠠᠰ ᠲᠠᠢ ᠰᠤᠷᠤᠭᠴᠢ ᠂ ᠲᠤᠮᠳᠠᠳᠦ ᠰᠤᠷᠭᠠᠭᠤᠯᠢ ᠶᠢᠨ ᠰᠤᠷᠤᠭᠴᠢ ᠶᠢᠨ ᠬᠢᠴᠢᠶᠡᠯ ᠲᠦᠷᠦᠯ ᠤᠨ ᠤᠯᠢᠮᠫᠢᠺ ᠤᠨ ᠤᠷᠤᠯᠳᠤᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠤᠨ ᠤᠷᠤᠯᠳᠤᠭᠠᠨ᠂ ᠮᠤᠵᠢ ᠶᠢᠨ ᠲᠡᠰ ᠤᠨ ᠰᠢᠯᠢᠳᠡᠭ ᠰᠤᠷᠤᠭᠴᠢ᠂ ᠦᠵᠡᠯ ᠰᠠᠨᠠᠭ᠎ᠠ ᠤᠯᠤᠰ ᠲᠦᠷᠦ ᠶᠤᠰᠤ ᠰᠤᠷᠳᠠᠬᠤᠨ ᠤ ᠲᠠᠯ᠎ᠠ ᠪᠠᠷ ᠲᠤᠪᠤᠶᠢᠮ᠎ᠠ ᠦᠢᠯᠡ ᠶᠠᠪᠤᠳᠠᠯ ᠲᠠᠢ ᠰᠤᠷᠤᠭᠴᠢ ᠵᠡᠷᠭᠡ ᠶᠢᠨ ᠪᠦᠬᠦ ᠤᠯᠤᠰ ᠤᠨ ᠴᠢᠨᠠᠷᠲᠠᠢ ᠤᠯᠤᠰ ᠤᠨ ᠨᠢᠭᠡᠲᠦᠯᠲᠡᠢ ᠰᠢᠯᠭᠠᠯᠲᠠ ᠶᠢᠨ ᠬᠤᠪᠢ ᠨᠡᠮᠡᠬᠦ ᠲᠦᠷᠦᠯ ᠵᠦᠢᠯ ᠢ ᠪᠦᠬᠦ ᠲᠠᠯ᠎ᠠ ᠪᠠᠷ ᠦᠭᠡᠶᠢᠰᠭᠡᠨ᠎ᠡ ᠭᠡᠵᠦ ᠲᠤᠭᠳᠠᠭᠠᠪᠠ᠃      ᠡᠨᠡ ᠵᠢᠯ ᠡᠯ᠎ᠡ ᠭᠠᠵᠠᠷ ᠤᠨ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠬᠠᠨᠳᠤᠰᠢ ᠤᠯᠠᠮ ᠴᠢᠩᠭ᠎ᠠ ᠪᠤᠯᠵᠦ᠂ ᠤᠯᠠᠨ ᠲᠦᠷᠦᠯ ᠤᠨ ᠬᠤᠪᠢ ᠨᠡᠮᠡᠬᠦ ᠲᠦᠷᠦᠯ ᠵᠦᠢᠯ ᠢ ᠦᠭᠡᠶᠢᠰᠭᠡᠭᠰᠡᠨ ᠢᠶᠠᠷ ᠦᠯᠦ ᠪᠠᠷᠠᠨ᠂ ︽ᠤᠷᠤᠯᠠᠵᠦ ᠰᠢᠯᠭᠠᠬᠤ︾ ᠵᠡᠷᠭᠡ ᠰᠢᠯᠭᠠᠯᠲᠠ ᠵᠨ ᠲᠦᠷᠢᠮ ᠠᠴᠠ ᠵᠦᠷᠢᠴᠡᠬᠦ ᠠᠵᠢᠯᠯᠠᠭ᠎ᠠ ᠳᠤ ᠴᠤᠬᠢᠯᠲᠠ ᠦᠭᠬᠦ ᠡᠷᠴᠢᠮ ᠢᠶᠠᠨ ᠴᠢᠩᠭᠠᠷᠠᠭᠤᠯᠵᠠᠢ᠃      2. ᠰᠢᠨ᠎ᠠ ᠪᠠᠷ ᠨᠡᠮᠡᠭᠰᠡᠨ ᠲᠤᠰᠬᠠᠢ ᠮᠡᠷᠭᠡᠵᠢᠯ ᠤᠯᠤᠰ ᠤᠨ ᠬᠦᠭᠵᠢᠯᠲᠡ ᠶᠢᠨ ᠱᠠᠭᠠᠷᠳᠠᠯᠭ᠎ᠠ ᠲᠠᠢ ᠠᠪᠤᠴᠠᠯᠳᠤᠨ᠎ᠠ      ᠤᠯᠤᠰ ᠤᠨ ᠪᠠᠶᠢᠯᠳᠤᠬᠤ ᠪᠤᠳᠤᠯᠭ᠎ᠠ ᠪᠠ ᠭᠠᠵᠠᠷ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠳᠤ ᠦᠢᠯᠡᠴᠢᠯᠡᠬᠦ ᠨᠢ ᠶᠡᠭᠡ ᠲᠡᠭᠡᠳᠦ ᠰᠤᠷᠭᠠᠭᠤᠯᠢ ᠶᠢᠨ ᠴᠢᠳᠠᠪᠤᠷᠢᠲᠠᠨ ᠬᠦᠮᠦᠵᠢᠭᠦᠯᠬᠦ ᠶᠢᠨ ᠵᠠᠩᠭᠢᠯᠠᠭ᠎ᠠ ᠪᠤᠯᠵᠠᠢ᠃ ᠡᠨᠡ ᠵᠢᠯ ᠶᠡᠭᠡ ᠲᠡᠭᠡᠳᠦ ᠰᠤᠷᠭᠠᠭᠤᠯᠢ ᠨᠤᠭᠤᠳ ᠤᠨ ᠰᠢᠨ᠎ᠡ ᠪᠠᠷ ᠨᠡᠮᠡᠭᠰᠠᠨ ᠲᠤᠰᠬᠠᠢ ᠮᠡᠷᠭᠡᠵᠢᠯ ᠨᠢ ᠴᠦᠮ ᠤᠳᠤᠬᠠᠨ ᠤ ᠮᠠᠨ ᠤ ᠤᠯᠤᠰ ᠤᠨ ᠴᠢᠬᠤᠯᠠ ᠲᠤᠮᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠲᠠᠢ ᠨᠢᠭᠲᠠ ᠠᠪᠤᠴᠠᠯᠳᠤᠵᠦ ᠪᠠᠶᠢᠨ᠎ᠠ᠃      ᠪᠡᠭᠡᠵᠢᠩ ᠤᠨ ᠠᠵᠦ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠤᠷᠤᠭᠴᠢ ᠡᠯᠰᠡᠬᠦ ᠠᠯᠪᠠᠨ ᠭᠡᠷ ᠤᠨ ᠡᠷᠭᠢᠯᠡᠭᠴᠢ ᠸᠠᠩ ᠳ᠋ᠠᠨ᠄ ︽ᠮᠠᠨ ᠤ ᠰᠤᠷᠭᠠᠭᠤᠯᠢ ᠡᠨᠡ ᠵᠢᠯ ᠠᠴᠠ ᠡᠬᠢᠯᠡᠵᠦ ᠨᠠᠨᠤᠮᠤ᠊ᠳ᠋᠊ᠷ ᠤᠨ ᠮᠠ᠊ᠳ᠋᠊ᠤᠷᠢᠶᠠᠯ ᠵᠢᠴᠢ ᠮᠡᠷᠭᠡᠵᠢᠯ ᠪᠠ ᠮᠠᠰᠢᠨ ᠬᠦᠮᠦᠨ ᠤ ᠢᠨᠵᠧᠨᠧᠷᠢᠩ ᠤᠨ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠵᠡᠢ᠂ ᠡᠨᠡ ᠬᠤᠶᠠᠷ ᠲᠤᠰᠬᠠᠢ ᠮᠡᠷᠭᠡᠵᠢᠯ ᠨᠢ ᠪᠦᠷ ᠠᠵᠦ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠤᠰᠬᠠᠢ ᠮᠡᠷᠭᠡᠵᠢᠯ ᠳᠤ ᠪᠠᠭᠳᠠᠨ᠎ᠠ᠂ ᠪᠠᠰᠠᠴᠦ ᠤᠳᠤᠬᠢ ᠨᠡᠶᠢᠭᠡᠮ ᠠᠵᠦ ᠠᠬᠤᠢ ᠶᠢᠨ ᠬᠦᠭᠵᠢᠯᠲᠡ ᠳᠤ ᠪᠠᠴᠢᠮ ᠱᠠᠭᠠᠷᠳᠠᠭᠳᠠᠵᠦ ᠪᠠᠶᠢᠭ᠎ᠠ ᠤᠭᠲᠤᠯᠤᠯᠴᠠᠯ ᠨᠡᠶᠢᠯᠡᠮᠡᠯ ᠲᠤᠰᠬᠠᠢ ᠮᠡᠷᠭᠡᠵᠢᠯ ᠪᠤᠯᠤᠨ᠎ᠠ︾ ᠭᠡᠵᠦ ᠲᠠᠨᠢᠯᠴᠠᠭᠤᠯᠤᠨ᠎ᠠ᠃      3. ᠲᠤᠮᠤ ᠲᠦᠷᠦᠯ ᠢᠶᠠᠷ ᠰᠤᠷᠤᠭᠴᠢ ᠡᠯᠰᠡᠬᠦ ᠨᠢ ᠭᠤᠤᠯ ᠬᠠᠨᠳᠤᠰᠢ ᠪᠤᠯᠵᠠᠢ      ᠤᠯᠤᠰ ᠤᠨ ᠨᠢᠭᠡᠲᠦᠯᠲᠡᠢ ᠰᠢᠯᠭᠠᠯᠲᠠ ᠶᠢᠨ ᠦᠭᠡᠷᠡᠴᠢᠯᠡᠯᠲᠡ ᠶᠢ ᠡᠬᠢᠯᠡᠵᠦ ᠶᠠᠪᠤᠭᠳᠠᠭᠤᠯᠤᠭᠰᠠᠨ ᠠᠴᠠ ᠨᠠᠰᠢ᠂ ᠤᠳᠤᠬᠠᠨ ᠳᠤ ︽211 ᠢᠨᠵᠧᠨᠧᠷᠢᠩ︾ ᠤᠨ ᠰᠤᠷᠭᠠᠭᠤᠯᠢ ᠳᠤ ᠬᠠᠭᠠᠰ ᠠᠴᠠ ᠲᠡᠭᠡᠭᠰᠢᠬᠢ ᠨᠢ ᠲᠤᠮᠤ ᠲᠦᠷᠦᠯ ᠢᠶᠠᠷ ᠰᠤᠷᠤᠭᠴᠢ ᠡᠯᠰᠡᠭᠰᠡᠨ ᠢᠶᠠᠷ ᠲᠤᠮᠤ ᠲᠦᠷᠦᠯ ᠢᠶᠠᠷ ᠰᠤᠷᠤᠭᠴᠢ ᠡᠯᠰᠡᠬᠦ ᠨᠢ ᠨᠢᠭᠡᠨ ᠭᠤᠤᠯ ᠬᠠᠨᠳᠤᠰᠢ ᠪᠤᠯᠵᠠᠢ᠃      ᠪᠡᠭᠡᠵᠢᠩ ᠤᠨ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠰᠤᠷᠤᠭᠴᠢ ᠡᠯᠰᠡᠬᠦ ᠠᠯᠪᠠᠨ ᠭᠡᠷ ᠤᠨ ᠡᠷᠭᠢᠯᠡᠭᠴᠢ ᠮᠠ ᠶᠢᠨ ᠰᠢ᠄ ︽ᠮᠠᠨ ᠤ ᠰᠤᠷᠭᠠᠭᠤᠯᠢ ᠤᠤᠯ ᠤᠨ 70 ᠭᠠᠷᠤᠢ ᠵᠢᠩᠭᠢᠨᠢ ᠠᠩᠭᠢ ᠶᠢᠨ ᠰᠤᠷᠤᠭᠴᠢ ᠡᠯᠰᠡᠬᠦ ᠲᠤᠰᠬᠠᠢ ᠮᠡᠷᠭᠡᠵᠢᠯ ᠢᠶᠠᠨ ᠬᠢᠴᠢᠶᠡᠯ ᠲᠦᠷᠦᠯ ᠢ ᠨᠢ ᠦᠨᠳᠦᠰᠦᠯᠡᠨ ᠠᠵᠦ ᠦᠢᠯᠡᠳᠪᠦᠷᠢ ᠶᠢᠨ ᠰᠢᠨᠵᠢᠯᠡᠬᠦ ᠤᠬᠠᠭᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ ᠤ 3 ᠰᠢᠨᠵᠢᠯᠡᠭᠡᠨ ᠤ ᠰᠠᠯᠠᠭ᠎ᠠ ᠶᠢᠨ 4 ᠲᠤᠮᠤ ᠲᠦᠷᠦᠯ ᠳᠤ ᠬᠤᠪᠢᠶᠠᠵᠠᠢ᠃ ᠡᠨᠡ ᠨᠢ ᠰᠤᠷᠤᠭᠴᠢ ᠳᠤ ᠶᠡᠭᠡ ᠰᠤᠷᠭᠠᠭᠤᠯᠢ ᠶᠢ ᠤᠢᠢᠯᠠᠭᠠᠬᠤ ᠂ ᠲᠤᠰᠬᠠᠢ ᠮᠡᠷᠭᠡᠵᠢᠯ ᠢ ᠤᠢᠢᠯᠠᠭᠠᠬᠤ ᠳᠤ ᠭᠦᠢᠴᠡᠳ ᠴᠠᠭ ᠬᠠᠨᠭ᠍ᠭᠠᠵᠦ᠂ ᠬᠦᠡᠭᠭᠡᠨ ᠬᠠᠭᠤᠳᠠᠮᠠᠭᠠᠢ ᠪᠠᠷ ᠤᠯᠤᠰ ᠤᠨ ᠨᠢᠭᠡᠲᠦᠯᠲᠡᠢ ᠰᠢᠯᠭᠠᠯᠲᠠ ᠶᠢᠨ ᠡᠷᠡᠮᠡᠯᠡᠵᠡᠯ ᠶᠢᠨ ᠲᠠᠭᠯᠠᠬᠤ ᠠᠴᠠ ᠵᠠᠶᠢᠯᠠᠰᠬᠢᠵᠦ᠂ ︿ᠭᠡᠷ ᠤᠨ ᠠᠬᠠᠮᠠᠳ ᠲᠤᠰᠬᠠᠢ ᠮᠡᠷᠭᠡᠵᠢᠯ ᠰᠤᠩᠭᠤᠬᠤ﹀ ᠠᠴᠠ ︿ᠰᠤᠷᠤᠭᠴᠢ ᠪᠡᠶ᠎ᠡ ᠪᠠᠨ ᠲᠠᠭᠠᠭᠠᠵᠦ ᠲᠤᠰᠬᠠᠢ ᠮᠡᠷᠭᠡᠵᠢᠯ ᠰᠤᠩᠭᠤᠬᠤ﹀ ᠶᠢᠨ ᠬᠤᠪᠢᠷᠠᠯᠲᠠ ᠶᠢ ᠪᠡᠶᠡᠯᠡᠭᠦᠯᠵᠦ ᠲᠡᠶᠢᠯᠦᠨ᠎ᠡ᠃ ᠡᠭᠦᠨ ᠤ ᠬᠠᠮᠲᠦ᠂ ᠡᠨᠡ ᠨᠢ ᠰᠢᠨ᠎ᠡ ᠤᠶᠤᠳᠠᠨ ᠤ ᠰᠤᠷᠤᠯᠴᠠᠬᠤ ᠤᠷᠮᠠᠰᠢᠯ ᠪᠠ ᠲᠡᠭᠡᠳᠦ ᠰᠤᠷᠭᠠᠭᠤᠯᠢ ᠨᠤᠭᠤᠳ ᠤᠨ ᠰᠤᠷᠭᠠᠭᠤᠯᠢ ᠡᠷᠭᠢᠯᠡᠬᠦ ᠢᠳᠡᠪᠬᠢᠵᠢᠯ ᠢ ᠲᠠᠶᠢᠴᠢᠯᠠᠵᠦ᠂ ᠤᠳᠤᠬᠠᠨ ᠤ ᠰᠢᠨᠵᠢᠯᠡᠭᠡᠨ ᠤ ᠰᠠᠯᠠᠭ᠎ᠠ ᠶᠢᠨ ᠤᠭᠳᠤᠯᠤᠯᠴᠠᠯ᠂ ᠲᠤᠰᠬᠠᠢ ᠮᠡᠷᠭᠡᠵᠢᠯ ᠤᠨ ᠵᠠᠭᠠᠭ ᠬᠢᠵᠠᠭᠠᠷ ᠪᠠᠯᠠᠷᠠᠬᠠᠢ ᠪᠠᠶᠢᠭ᠎ᠠ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢᠨ ᠬᠠᠨᠳᠤᠰᠢ ᠲᠠᠢ ᠨᠡᠩ ᠰᠠᠶᠢᠨ ᠵᠤᠬᠢᠴᠠᠵᠦ᠂ ᠲᠡᠷᠢᠭᠦᠨ ᠤ ᠶᠡᠭᠡ ᠰᠤᠷᠭᠠᠭᠤᠯᠢ ᠶᠢᠨ ᠵᠢᠩᠭᠢᠨᠢ ᠠᠩᠭᠢ ᠶᠢᠨ ᠴᠢᠳᠠᠪᠤᠷᠢᠲᠠᠨ ᠬᠦᠮᠦᠵᠢᠭᠦᠯᠬᠦ ᠬᠦᠭᠵᠢᠯᠲᠡ ᠶᠢᠨ ᠴᠢᠭᠯᠡᠯ ᠲᠠᠢ ᠨᠡᠶᠢᠴᠡᠨ᠎ᠡ︾ ᠭᠡᠵᠦ ᠬᠡᠯᠡᠵᠦ ᠪᠠᠶᠢᠯ᠎ᠠ᠃      4. ᠲᠡᠯᠡᠭᠡᠢ ᠶᠢᠨ ᠬᠠᠷᠠᠭᠠᠰᠦ ᠠᠴᠠ ᠴᠢᠳᠠᠪᠦᠷᠢᠲᠠᠨ ᠬᠦᠮᠦᠵᠢᠭᠦᠯᠬᠦ ᠶᠢ ᠴᠢᠬᠤᠯᠠᠴᠢᠯᠠᠨ᠎ᠠ      ︽ᠨᠢᠭᠡ ᠪᠦᠰᠡ ᠨᠢᠭᠡ ᠵᠠᠮ︾ ᠠᠴᠠ ︽ᠬᠤᠤᠰ ᠲᠡᠷᠢᠭᠦᠨ ᠤ ᠪᠠᠶᠢᠭᠤᠯᠤᠯᠲᠠ︾ ᠶᠢᠨ ᠲᠦᠷᠦ ᠶᠢᠨ ᠪᠤᠳᠤᠯᠭ᠎ᠠ ᠬᠦᠷᠳᠡᠯ᠎ᠡ᠂ ᠠᠵᠦ ᠠᠬᠤᠢ ᠶᠢᠨ ᠲᠡᠯᠡᠭᠡᠶᠢᠵᠢᠯᠲᠡ ᠶᠢᠨ ᠬᠤᠷᠳᠤᠴᠠ ᠡᠳᠦᠷ ᠢᠷᠡᠭᠦᠶ᠎ᠡ ᠨᠡᠮᠡᠭᠳᠡᠭᠦ ᠶᠢ ᠲᠠᠭᠠᠯᠳᠤᠨ᠂ ᠶᠡᠭᠡ ᠲᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠲᠡᠯᠡᠭᠡᠶᠢᠵᠢᠯᠲᠠ ᠨᠢ ᠨᠢᠭᠡᠨ ᠵᠠᠶᠢᠯᠠᠰᠢ ᠦᠭᠡᠢ ᠬᠠᠨᠳᠤᠰᠢ ᠪᠤᠯᠵᠠᠢ᠃ ᠡᠶᠢᠮᠦ ᠠᠴᠠ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠳᠤ ︽ᠲᠡᠯᠡᠭᠡᠢ ᠶᠢᠨ ᠬᠠᠷᠠᠭᠠᠰᠦ︾ ᠠᠴᠠ ᠴᠢᠳᠠᠪᠤᠷᠢᠲᠠᠨ ᠬᠦᠮᠦᠵᠢᠭᠦᠯᠬᠦ ᠬᠡᠯᠪᠡᠷᠢ ᠨᠢ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠬᠢᠯᠠᠰ ᠴᠡᠭ ᠪᠤᠯᠵᠠᠢ᠃      ︽ᠤᠳᠤᠬᠠᠨ ᠳᠤ ᠮᠠᠨ ᠤ ᠰᠤᠷᠭᠠᠭᠤᠯᠢ 200 ᠭᠠᠷᠤᠢ ᠭᠠᠳᠠᠭᠠᠳᠦ ᠶᠢᠨ ᠶᠡᠭᠡ ᠲᠡᠭᠡᠳᠦ ᠰᠤᠷᠭᠠᠭᠤᠯᠢ ᠲᠠᠢ ᠴᠢᠳᠠᠪᠤᠷᠢᠲᠠᠨ ᠬᠦᠮᠦᠵᠢᠭᠦᠯᠬᠦ ᠬᠠᠮᠳᠤᠷᠠᠯᠴᠠᠭ᠎ᠠ ᠪᠠᠶᠢᠭᠤᠯᠵᠦ᠂ ᠨᠢᠳᠤᠨᠤᠨ ᠤᠯᠤᠰ ᠤᠨ ᠭᠠᠳᠠᠨ᠎ᠠ ᠬᠦᠷᠴᠦ ᠰᠤᠯᠢᠯᠴᠠᠨ ᠰᠤᠷᠤᠯᠴᠠᠭᠰᠠᠨ ᠰᠤᠷᠤᠭᠴᠢ 3400 ᠭᠠᠷᠤᠢ ᠬᠦᠮᠦᠨ ᠤᠳᠠᠭ᠎ᠠ ᠳᠤ ᠬᠦᠷᠴᠡᠢ᠃ ᠡᠭᠦᠪᠠᠷ ᠦᠯᠦ ᠪᠠᠷᠠᠨ ᠤᠯᠤᠰ ᠤᠨ ᠭᠠᠳᠠᠨ᠎ᠠ ᠰᠤᠷᠤᠯᠴᠠᠭᠰᠠᠨ ᠦᠡᠭᠭᠡᠷᠡᠯᠲᠡ ᠲᠠᠢ ᠰᠤᠷᠤᠭᠴᠢ ᠪᠠᠷᠤᠭ ᠪᠦᠬᠦ ᠰᠤᠷᠭᠠᠭᠤᠯᠢ ᠶᠢᠨ 53% ᠤᠷᠴᠢᠮ ᠢ ᠡᠵᠡᠯᠡᠳᠡᠭ︾ ᠭᠡᠵᠦ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠤᠭᠴᠢ ᠡᠯᠰᠡᠬᠦ ᠠᠯᠪᠠᠨ ᠭᠡᠷ ᠤᠨ ᠬᠠᠷᠢᠭᠤᠴᠠᠯᠭᠠᠲᠠᠨ ᠶᠠᠷᠢᠵᠦ ᠪᠠᠶᠢᠯ᠎ᠠ᠃ ᠰᠤᠷᠤᠭᠴᠢ ᠶᠢᠨ ᠬᠠᠷᠠᠭ᠎ᠠ ᠶᠢ ᠦᠷᠭᠡᠵᠢᠭᠦᠯᠬᠦ ᠶᠢᠨ ᠲᠤᠯᠠᠳᠠ᠂ ᠲᠤᠰ ᠰᠤᠷᠭᠠᠭᠤᠯᠢ ᠨᠢ ᠠᠮᠧᠷᠢᠺᠡ᠂ ᠺᠠᠨᠠᠳᠠ᠂ ᠠᠩᠭ᠍ᠯᠢ᠂ ᠭᠧᠷᠮᠠᠨ ᠵᠡᠷᠭᠡ ᠤᠯᠤᠰ ᠤᠨ ᠨᠡᠷᠡᠲᠦ ᠶᠡᠭᠡ ᠰᠤᠷᠭᠠᠭᠤᠯᠢ ᠲᠠᠢ ᠰᠤᠯᠢᠯᠴᠠᠨ ᠰᠤᠷᠤᠯᠴᠠᠭᠤᠯᠬᠤ ᠰᠤᠷᠤᠭᠴᠢ ᠶᠢᠨ ᠮᠠᠰᠢ ᠤᠯᠠᠨ ᠲᠦᠷᠦᠯ ᠵᠦᠢᠯ ᠳᠤ ᠭᠠᠷ ᠤᠨ ᠦᠰᠦᠭ ᠵᠢᠷᠤᠵᠦ᠂ ᠤᠶᠤᠳᠠᠳ ᠲᠤ ᠤᠯᠤᠰ ᠤᠨ ᠭᠠᠳᠠᠨ᠎ᠠ ᠰᠤᠷᠤᠯᠴᠠᠬᠤ ᠤᠯᠠᠨ ᠵᠠᠪᠰᠢᠶᠠᠨ ᠬᠠᠨᠭ᠍ᠭᠠᠵᠦ ᠪᠤᠢ᠃ ︵︽ᠭᠤᠸᠠᠩᠮᠢᠩ ᠡᠳᠦᠷ ᠤᠨ ᠰᠤᠨᠢᠨ︾ ᠠᠴᠠ ᠨᠠᠶᠢᠷᠠᠭᠤᠯᠵᠦ ᠠᠪᠤᠪᠠ︶
 
ᠢᠷᠡᠯᠲᠡ᠄ ᠳᠤᠮᠳᠠᠳᠤ ᠤᠯᠤᠰ  ᠤᠨ ᠮᠣᠩᠭᠤᠯ ᠬᠡᠯᠡᠨ  ᠤ ᠰᠣᠨᠢᠨ ᠮᠡᠳᠡᠭᠡ  ᠶᠢᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号