6 ᠳ᠋ᠤᠭᠠᠷ ᠰᠠᠷ᠎ᠠ ᠶᠢᠨ11 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ | ᠳᠠᠷᠤᠭ᠎ᠠ ᠴᠧᠨ ᠯᠢ ᠶᠢᠨ ᠱᠧᠩ ᠯᠧ ᠪᠠᠯᠭᠠᠰᠣ ᠪᠣᠯᠣᠨ ᠰᠢᠨ ᠳ᠋ᠢᠶᠠᠨ ᠽᠢ ᠪᠠᠯᠭᠠᠰᠣᠨ ᠳᠤ ᠭᠦᠨᠵᠡᠭᠡᠶᠢᠷᠡᠵᠦ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠳᠠᠯ ᠳᠤ ᠪᠠᠶᠢᠴᠠᠭᠠᠨ | ᠰᠣᠳᠣᠯᠣᠯᠲᠠ ᠬᠢᠵᠦ᠂ ᠬᠤᠶᠠᠷ ᠪᠠᠯᠭᠠᠰᠤ ᠶᠢᠨ ᠬᠠᠷᠢᠶᠠᠨ ᠳᠣᠲᠣᠷᠠᠬᠢ ᠲᠡᠵᠢᠭᠡᠨ ᠦᠷᠡᠵᠢᠭᠦᠯᠬᠦ ᠠᠵᠣ ᠠᠬᠤᠶᠢᠯᠠᠯ | ᠪᠣᠯᠣᠨ ᠨᠡᠭᠦᠷᠡᠰᠦᠨ ᠤ ᠪᠣᠰᠤ ᠠᠭᠤᠷᠬᠠᠢ ᠶᠢᠨ ᠴᠡᠭᠴᠡᠯᠡᠨ ᠵᠠᠰᠠᠵᠣ ᠪᠠᠶᠢᠭ᠎ᠠ ᠪᠠᠶᠢᠳᠠᠯ ᠳᠤ ᠭᠤᠣᠯᠳᠠᠯᠭ᠎ᠠ ᠲᠠᠢ | ᠪᠠᠶᠢᠴᠠᠭᠠᠯᠲᠠ ᠬᠢᠪᠡ᠃ | ᠴᠧᠨ ᠯᠢ ᠶᠢᠨ ᠨᠠᠷ ᠱᠧᠩ ᠯᠧ ᠪᠠᠯᠭᠠᠰᠣᠨ ᠤ ᠬᠤᠶᠢᠲᠣ ᠳᠣᠯᠣᠭᠠᠨ ᠪᠠᠶᠢᠰᠢᠩ ᠲᠣᠰᠬᠤᠨ ᠤ ᠭᠤᠷᠪᠠᠨ | ᠲᠠᠬᠢᠶ᠎ᠠ ᠲᠡᠵᠢᠭᠡᠬᠦ ᠲᠠᠯᠠᠪᠣᠷ ᠵᠢᠴᠢ ᠱᠧᠩ ᠯᠧ ᠪᠠᠯᠭᠠᠰᠤ᠂ ᠰᠢᠨ ᠳ᠋ᠢᠶᠠᠨ ᠽᠢ ᠪᠠᠯᠭᠠᠰᠤ ᠶᠢᠨ ᠬᠡᠰᠡᠭ ᠴᠢᠯᠠᠭᠤ | ᠬᠡᠮᠬᠡᠯᠡᠬᠦ ᠲᠠᠯᠠᠪᠣᠷ ᠲᠤ ᠬᠦᠷᠴᠦ᠂ ᠦᠢᠯᠡᠳᠪᠦᠷᠢᠯᠡᠯ ᠤᠨ ᠲᠠᠯᠠᠪᠣᠷ ᠤᠨ ᠪᠠᠶᠢᠳᠠᠯ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠷᠭ᠎ᠠ ᠠᠪᠴᠠᠯ ᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠭᠠᠷ ᠭᠦᠢᠴᠡᠳᠬᠡᠯ᠂ ᠭᠡᠷᠡᠴᠢ | ᠦᠨᠡᠮᠯᠡᠯ ᠤᠨ ᠭᠦᠢᠴᠡᠳᠬᠡᠭᠰᠡᠨ ᠪᠠᠶᠢᠳᠠᠯ ᠢ ᠨᠠᠷᠢᠯᠢᠭ ᠣᠶᠢᠯᠠᠭᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠤᠨ ᠬᠤᠯᠪᠣᠭᠳᠠᠯ ᠪᠦᠬᠦᠢ ᠲᠣᠭᠲᠠᠭᠠᠯ ᠳᠤ ᠪᠠᠶᠢᠷᠢᠯᠠᠭᠤᠯᠣᠯᠲᠠ ᠬᠢᠪᠡ᠃ | ᠴᠧᠨ ᠯᠢ ᠶᠢᠨ ᠴᠢᠩᠭᠠᠳᠬᠠᠭᠰᠠᠨ ᠨᠢ᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠠᠵᠣ ᠠᠬᠤᠶᠢᠯᠠᠯ | ᠪᠠᠶᠢᠭ᠎ᠠ ᠰᠢᠶᠠᠩ ᠪᠠᠯᠭᠠᠰᠣ ᠪᠣᠯᠣᠨ ᠠᠵᠢᠯ ᠲᠦᠷᠥᠯ ᠢ ᠭᠤᠣᠯ ᠬᠠᠷᠢᠭᠤᠴᠠᠬᠤ ᠰᠠᠯᠠᠭ᠎ᠠ ᠮᠦᠴᠢᠷ ᠵᠠᠪᠠᠯ ᠬᠠᠷᠢᠶᠠᠨ | ᠭᠠᠵᠠᠷ ᠤᠨ ᠬᠠᠮᠢᠶᠠᠷᠣᠯᠲᠠ ᠶᠢᠨ ᠬᠠᠷᠢᠭᠤᠴᠠᠯᠭ᠎ᠠ ᠪᠣᠯᠣᠨ ᠠᠵᠢᠯ ᠲᠦᠷᠦᠯ ᠤᠨ ᠬᠢᠨᠠᠨ ᠬᠠᠮᠢᠶᠠᠷᠬᠤ | ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠡᠯ᠎ᠡ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠭᠠᠷ | ᠭᠦᠢᠴᠡᠳᠬᠡᠯ ᠢᠶᠠᠨ ᠭᠦᠢᠴᠡᠳᠬᠡᠭᠡ ᠦᠭᠡᠢ ᠬᠠᠣᠯᠢ ᠪᠤᠰᠤ ᠪᠠᠷ ᠦᠢᠯᠡᠳᠪᠦᠷᠢᠯᠡᠨ ᠡᠵᠡᠩᠨᠡᠵᠦ ᠪᠠᠶᠢᠭ᠎ᠠ | ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠣᠷ ᠢ ᠬᠠᠭᠠᠨ ᠴᠠᠭᠠᠵᠠᠯᠠᠵᠣ᠂ ᠦᠢᠯᠡᠳᠪᠦᠷᠢᠯᠡᠯ ᠡᠵᠡᠩᠨᠡᠯᠲᠡ ᠶᠢᠨ ᠬᠢᠷᠢ ᠬᠡᠮ | ᠲᠠᠢ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠣᠷ ᠤᠨ ᠭᠠᠷ ᠭᠦᠢᠴᠡᠳᠬᠡᠯ ᠪᠣᠯᠣᠨ ᠣᠷᠴᠢᠨ ᠲᠣᠭᠤᠷᠢᠨ ᠢ | ᠬᠠᠮᠠᠭᠠᠯᠠᠬᠤ ᠠᠷᠭ᠎ᠠ ᠬᠡᠮᠵᠢᠶ᠎ᠡ ᠶᠢ ᠨᠢ ᠲᠡᠭᠦᠯᠳᠡᠷᠵᠢᠭᠦᠯᠵᠦ᠂ ᠣᠨᠴᠠᠭᠠᠶᠢᠯᠠᠨ ᠡᠯ᠎ᠡ ᠲᠦᠷᠥᠯ ᠤᠨ ᠨᠡᠭᠦᠷᠡᠰᠦᠨ ᠤ ᠪᠣᠰᠤ | ᠠᠭᠤᠷᠬᠠᠢ ᠵᠠᠪᠠᠯ ᠲᠣᠭᠲᠠᠭᠰᠠᠨ ᠬᠦᠷᠢᠶ᠎ᠡ ᠬᠡᠪᠴᠢᠶ᠎ᠡ ᠶᠣᠰᠣᠭᠠᠷ ᠦᠢᠯᠡᠳᠪᠦᠷᠢᠯᠡᠯ ᠢᠶᠠᠨ ᠥᠷᠨᠢᠭᠦᠯᠵᠦ᠂ ︽ᠬᠡᠨ | ᠦᠢᠯᠡᠳᠪᠦᠷᠢᠯᠡᠪᠡᠯ ᠬᠡᠨ ᠵᠠᠰᠠᠬᠤ︾ ᠵᠠᠷᠴᠢᠮ ᠢ ᠪᠠᠷᠢᠮᠲᠠᠯᠠᠵᠣ᠂ ᠦᠢᠯᠡᠳᠪᠦᠷᠢᠯᠡᠨ ᠡᠵᠡᠩᠨᠡᠬᠦ ᠶᠢᠨ ᠬᠠᠮᠲᠣ᠂ | ᠲᠠᠯᠠᠪᠣᠷ ᠤᠨ ᠬᠠᠵᠠᠭᠤ ᠬᠠᠪᠢ ᠶᠢᠨ ᠠᠮᠢ ᠠᠬᠤᠢ ᠶᠢᠨ ᠰᠡᠷᠭᠦᠯᠲᠡ ᠶᠢ ᠰᠠᠶᠢᠲᠣᠷ ᠬᠢᠵᠦ᠂ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠶᠢᠨ ᠠᠮᠢ ᠠᠬᠤᠢ ᠣᠷᠴᠢᠨ ᠲᠣᠭᠤᠷᠢᠨ ᠳᠤ ᠦᠵᠡᠭᠦᠯᠬᠦ ᠨᠦᠯᠦᠭᠡ ᠶᠢ ᠬᠠᠮᠤᠭ | ᠳᠣᠣᠷ᠎ᠠ ᠬᠡᠮᠵᠢᠶᠡᠨ ᠳᠤ ᠪᠠᠶᠢᠯᠭᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠣᠷᠴᠢᠨ ᠲᠣᠭᠤᠷᠢᠨ ᠢ | ᠬᠠᠮᠠᠭᠠᠯᠠᠬᠤ ᠬᠠᠷᠢᠭᠤᠴᠠᠯᠭ᠎ᠠ ᠶᠢᠨ ᠣᠬᠠᠮᠰᠠᠷ ᠢ ᠪᠣᠢ ᠪᠣᠯᠭᠠᠨ ᠪᠠᠲᠣᠵᠢᠭᠤᠯᠵᠣ᠂ ᠵᠥᠪᠰᠢᠶᠡᠷᠡᠨ ᠣᠷᠣᠬᠤ | ᠪᠠᠷᠢᠮᠵᠢᠶ᠎ᠠ ᠶᠢ ᠰᠠᠶᠢᠲᠣᠷ ᠠᠳᠬᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠪᠠᠷᠢᠮᠵᠢᠶ᠎ᠠ | ᠪᠣᠯᠣᠨ ᠬᠠᠣᠯᠢ ᠳᠦᠷᠢᠮ ᠳᠤ ᠨᠡᠶᠢᠴᠡᠬᠦ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠠᠵᠣ ᠠᠬᠤᠶᠢᠯᠠᠯ ᠳᠤ | ᠬᠤᠯᠪᠣᠭᠳᠠᠯ ᠪᠦᠬᠦᠢ ᠭᠠᠷ ᠭᠦᠢᠴᠡᠳᠬᠡᠯ ᠢ ᠴᠥᠮ ᠵᠥᠪᠰᠢᠷᠡᠨ ᠭᠦᠢᠴᠡᠳᠬᠡᠵᠦ ᠪᠣᠯᠬᠤ ᠦᠭᠡᠢ᠂ ᠡᠭᠦᠨ ᠤ ᠬᠠᠮᠲᠣ | ᠡᠯ᠎ᠡ ᠰᠠᠯᠠᠭ᠎ᠠ ᠮᠦᠴᠢᠷ ᠬᠤᠭᠤᠷᠣᠨᠳᠣ ᠪᠠᠨ ᠬᠠᠮᠵᠢᠯᠴᠠᠭ᠎ᠠ ᠵᠣᠬᠢᠴᠠᠯᠴᠠᠭᠠ ᠪᠠᠨ ᠴᠢᠩᠭᠠᠳᠬᠠᠵᠣ᠂ ᠪᠦᠬᠦ ᠲᠠᠯ᠎ᠠ ᠪᠠᠷ | ᠨᠡᠶᠢᠳᠡᠮ ᠪᠠᠶᠢᠴᠠᠭᠠᠵᠤ᠂ ᠪᠠᠶᠢᠳᠠᠯ ᠢ ᠠᠳᠬᠤᠨ᠂ ᠬᠤᠯᠪᠣᠭᠠᠯᠠᠨ ᠬᠠᠣᠯᠢ ᠬᠡᠷᠡᠭᠵᠢᠭᠦᠯᠬᠦ ᠬᠦᠴᠦᠯᠡᠴᠡ ᠶᠢ | ᠨᠡᠮᠡᠭᠳᠡᠭᠦᠯᠦᠨ᠂ ᠪᠠᠭ᠎ᠠ ᠣᠴᠢᠷ ᠠᠴᠠ ᠭᠠᠷᠲᠠᠨ ᠡᠷᠲᠡ ᠡᠳᠦᠷ ᠠᠴᠠ ᠠᠳᠬᠤᠵᠣ᠂ ᠵᠠᠯᠬᠠᠭᠠᠨ ᠰᠢᠢᠳᠬᠡᠬᠦ ᠶᠢ | ᠴᠢᠩᠭᠠᠳᠬᠠᠨ᠂ ᠣᠷᠴᠢᠨ ᠲᠣᠭᠤᠷᠢᠨ ᠤ ᠠᠰᠠᠭᠤᠳᠠᠯ ᠲᠠᠢ ᠬᠤᠯᠪᠣᠭᠳᠠᠭᠰᠠᠨ ᠬᠠᠣᠯᠢ ᠪᠤᠰᠤ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠶᠢ ᠡᠬᠢ ᠡᠭᠦᠰᠦᠯ ᠠᠴᠠ ᠨᠢ ᠠᠷᠢᠯᠭᠠᠬᠤ ᠬᠡᠷᠡᠭᠲᠡᠢ᠃ ᠣᠷᠴᠢᠨ ᠲᠣᠭᠤᠷᠢᠨ ᠢ | ᠬᠠᠮᠠᠭᠠᠯᠠᠬᠤ ᠠᠵᠢᠯ ᠤᠨ ᠨᠡᠪᠲᠡᠷᠡᠯᠴᠡᠵᠦ ᠬᠠᠷᠢᠯᠴᠠᠬᠤ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠣᠨ | ᠲᠡᠭᠦᠯᠳᠡᠷᠵᠢᠭᠦᠯᠵᠦ᠂ ᠲᠣᠰᠬᠠᠢ ᠤᠳᠤᠷᠢᠳᠤᠨ ᠵᠣᠬᠢᠴᠠᠭᠤᠯᠬᠤ ᠪᠠᠶᠢᠭᠤᠯᠣᠮᠵᠢ ᠶᠢ ᠡᠷᠢᠯᠬᠢᠯᠡᠨ ᠪᠠᠶᠢᠭᠤᠯᠵᠣ᠂ ᠪᠦᠬᠦ | ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠨᠢᠭᠡᠲᠦᠯᠲᠡᠢ ᠲᠦᠯᠦᠪᠯᠡᠨ ᠵᠣᠬᠢᠴᠠᠭᠤᠯᠵᠣ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠢᠨᠠᠨ ᠬᠠᠮᠢᠶᠠᠷᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ | ᠬᠡᠷᠡᠭᠲᠡᠢ ᠭᠡᠵᠡᠢ᠃ | ᠰᠢᠶᠠᠨ ᠤ ᠳᠡᠳ᠋ ᠳᠠᠷᠤᠭ᠎ᠠ ᠾᠧ ᠹᠧᠩ᠂ ᠰᠢᠶᠠᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ | ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠂ ᠱᠧᠩ ᠯᠧ ᠪᠠᠯᠭᠠᠰᠣ᠂ ᠰᠢᠨ ᠳ᠋ᠢᠶᠠᠨ ᠽᠢ ᠪᠠᠯᠭᠠᠰᠣ | ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠰᠢᠶᠠᠩ ᠪᠠᠯᠭᠠᠰᠣᠨ ᠤ ᠬᠠᠷᠢᠭᠤᠴᠠᠯᠭᠠᠲᠠᠨ ᠪᠠᠷ᠎ᠠ ᠪᠣᠯᠣᠨ | ᠪᠠᠶᠢᠴᠠᠭᠠᠯᠲᠠ ᠬᠢᠪᠡ᠃ | |