ᠰᠢᠨ᠎ᠡ ᠬᠤᠲᠠ ᠲᠣᠭᠤᠷᠢᠭ ᠤᠨ ᠰᠢᠨ᠎ᠡ ᠶᠢ ᠡᠭᠦᠳᠬᠦ ᠦᠢᠯᠡᠰ ᠪᠦᠲᠦᠭᠡᠬᠦ ᠥᠢᠯᠴᠢᠯᠡᠭᠡᠨ ᠤ ᠲᠦᠪ ᠤᠨ ︽ᠶᠠᠳᠠᠭᠤ ᠶᠢ ᠲᠡᠳᠬᠦᠬᠦ᠂ ᠣᠶᠣᠨ ᠢ ᠲᠡᠳᠬᠦᠬᠦ᠂ ᠵᠣᠷᠢᠭ ᠢ  ᠲᠡᠳᠬᠦᠬᠦ︾ ᠣᠨᠣᠨ ᠳᠡᠭᠡᠷ᠎ᠡ ᠨᠢ ᠶᠠᠳᠠᠭᠤ ᠶᠢ ᠲᠡᠳᠬᠦᠬᠦ ᠡᠷᠭᠢᠨ‌ᠦᠵᠡᠬᠦ ᠠᠵᠢᠯᠯᠠᠭ᠎ᠠ
ᠨᠡᠶᠢᠲᠡᠯᠡᠭᠰᠡᠨ ᠴᠠᠭ᠄
2018-06-15
      ᠬᠥᠮᠦᠨ ᠵᠣᠷᠢᠭ ᠦᠭᠡᠢ ᠪᠣᠯ ᠦᠭᠡᠳᠡ ᠦᠭᠡᠢ᠂ ᠵᠣᠷᠢᠭ ᠦᠭᠡᠢ ᠪᠣᠯ ᠶᠠᠳᠠᠭᠤ ᠠᠴᠠ ᠠᠩᠬᠢᠵᠢᠷᠠᠬᠤ ᠳᠤ ᠬᠦᠴᠢᠷ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠶᠠᠳᠠᠭᠤ ᠶᠢ ᠲᠡᠳᠬᠦᠬᠦ ᠪᠠ ᠣᠶᠣᠨ ᠢ ᠲᠡᠳᠬᠦᠬᠦ ᠶᠢ ᠣᠶᠠᠯᠳᠤᠭᠤᠯᠵᠤ᠂ ᠶᠠᠳᠠᠭᠤ ᠬᠦᠴᠢᠷᠳᠡᠯᠲᠡᠶ ᠤᠯᠠᠨ ᠲᠦᠮᠡᠨ ᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠲᠡᠶᠢᠴᠢᠯᠡᠠ᠂ ᠶᠠᠳᠠᠭᠤ ᠬᠦᠴᠢᠷᠳᠡᠯ ᠲᠠᠢ ᠣᠯᠠᠨ  ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠡᠶᠡᠴᠢ ᠴᠣᠭᠴᠠ ᠶᠢᠨ ᠤᠬᠠᠮᠰᠠᠷ ᠢ ᠪᠤᠢ ᠪᠣᠯᠭᠠᠵᠤ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠴᠢ ᠵᠣᠷᠢᠭ ᠢ ᠨᠢ ᠬᠥᠭᠵᠢᠭᠡᠵᠦ᠂ ᠶᠠᠳᠠᠭᠤ ᠬᠦᠴᠢᠷᠳᠡᠯᠲᠡᠶ ᠳᠦᠷᠰᠦ ᠪᠠᠶᠢᠳᠠᠯ ᠢ ᠬᠤᠪᠢᠷᠠᠭᠤᠯᠵᠤ᠂ ᠥᠪᠡᠷ ᠤᠨ ᠴᠢᠷᠮᠠᠶᠢᠯᠭ᠎ᠠ ᠪᠠᠷ ᠢᠶᠠᠨ ᠬᠤᠪᠢ  ᠵᠠᠶᠠᠭ᠎ᠠ ᠠᠮᠢᠳᠣᠷᠠᠯ  ᠢᠶᠠᠨ  ᠦᠭᠡᠷᠡᠴᠢᠯᠡᠬᠦ  ᠬᠡᠷᠡᠭᠲᠡᠢ ᠭᠡᠵᠠᠢ᠃       2018 ᠣᠨ ᠤ 6 ᠰᠠᠷ᠎ᠠ ᠶᠢᠨ13 ᠤ ᠦᠳᠡ ᠶᠢᠨ ᠡᠮᠦᠨ᠎ᠡ ᠰᠢᠨ᠎ᠡ ᠶᠢ ᠡᠭᠦᠳᠬᠦ ᠦᠢᠯᠡᠰ ᠪᠦᠲᠦᠭᠡᠬᠦ ᠦᠢᠯᠡᠴᠢᠯᠡᠭᠡᠨ ᠤ ᠲᠥᠪ  ᠂ ︽ᠶᠠᠳᠠᠭᠤ ᠶᠢ ᠲᠡᠳᠬᠦᠬᠦ᠂ ᠣᠶᠣᠨ ᠢ ᠲᠡᠳᠬᠦᠬᠦ  ᠂ ᠵᠣᠷᠢᠭ ᠢ ᠲᠡᠳᠬᠦᠬᠦ  ᠣᠨᠣᠨ ᠳᠡᠭᠡᠷ᠎ᠡ ᠶᠢ ᠶᠠᠳᠠᠭᠤ ᠶᠢ ᠲᠡᠳᠬᠦᠬᠦ ᠲᠤᠰᠬᠠᠶ ᠠᠵᠢᠯᠯᠠᠭ᠎ᠠ ᠶᠢ ᠡᠷᠭᠢᠨ ᠬᠠᠷᠠᠵᠦ ᠬᠠᠪᠰᠤᠷᠤᠨ ᠲᠡᠳᠬᠦᠭᠰᠡᠨ ᠬᠦᠢᠰᠦ ᠭᠠᠴᠠᠭᠠᠨ ᠤ ᠶᠠᠳᠠᠭᠤ ᠬᠦᠴᠢᠷᠳᠡᠯᠲᠡᠶ ᠡᠷᠦᠬᠡ ᠶᠢ ᠤᠷᠢᠵᠦ ᠰᠢᠨ᠎ᠡ ᠶᠢ ᠡᠭᠦᠳᠬᠦ ᠠᠳᠠᠯ ᠦᠢᠯᠡᠰ ᠪᠤᠰᠬᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠦᠷᠢᠶᠡᠯᠡᠩ ‍ᠤᠨ‌ᠥᠪᠥᠷ ᠮᠣᠩᠭᠤᠯ ᠤᠨ ᠾᠩ ᠯᠢ ᡁᠢ ᠭᠦ᠋ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠠᠨᠳᠠ ᠰᠣᠶᠣᠯ ᠵᠠᠭᠤᠴᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠ ᠥᠪᠥᠷ ᠮᠣᠩᠭᠤᠯ ᠤᠨ ᠬᠤᠩ ᠸᠧᠶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠢ ᠲᠣᠭᠤᠷᠢᠨ ᠦᠵᠡᠭᠦᠯᠵᠦ᠂ ᠶᠠᠳᠠᠭᠤ ᠬᠦᠴᠢᠷᠳᠡᠯᠲᠡᠶ ᠤᠯᠠᠨ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠳᠣᠲᠣᠭᠠᠳᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠠᠢ᠃ ᠰᠢᠨ᠎ᠡ ᠶᠢ ᠡᠭᠦᠳᠬᠦ ᠦᠢᠯᠡᠰ ᠪᠦᠲᠦᠭᠡᠬᠦ ᠥᠢᠯᠴᠢᠯᠡᠭᠡᠨ ᠤ ᠲᠥᠪ ᠨᠠᠮ ᠤᠨ ᠬᠤᠷᠢᠶᠠᠨ ᠤ ᠱᠦᠵᠢ᠂ ᠡᠷᠬᠢᠯᠡᠭᠴᠢ  ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ  ᠹᠠᠩ  ᠳ᠋ᠡ ᠡᠯ᠎ᠡ ᠶᠠᠳᠠᠭᠤ ᠬᠦᠴᠢᠷᠳᠡᠯᠲᠡᠶ  ᠠᠶᠢᠯ ᠲᠠᠢ ᠶᠠᠷᠢᠯᠴᠠᠵᠠᠶ᠃      ᠹᠠᠩ ᠳ᠋ᠠ ᠴᠢᠬᠤᠯᠠᠴᠢᠯᠠᠭᠰᠠᠨ ᠨᠢ  ᠪᠢᠳᠡ‌ᠣᠳᠣᠬᠠᠨ ᠵᠥᠪᠬᠡᠨ ᠶᠠᠳᠠᠭᠤ ᠬᠦᠴᠢᠷᠳᠡᠯᠲᠡᠶ ᠬᠦᠮᠦᠰ ᠤᠨ ᠣᠷᠣᠰᠢᠨ ᠲᠣᠭᠲᠠᠨᠢᠬᠤ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠪᠣᠳᠣᠬᠤ ᠪᠠᠷ ᠪᠠᠷᠠᠬᠤ ᠦᠭᠡᠢ ᠠᠯᠤᠰ ᠬᠡᠳᠤ ᠶᠢ ᠪᠣᠳᠣᠯᠬᠢᠯᠠᠨ᠂ ᠰᠤᠷᠭᠠᠨ ᠬᠥᠮᠦᠵᠢᠯ ᠤᠨ ᠵᠠᠩᠭᠢᠯᠠᠭ᠎ᠠ ᠶᠢ ᠠᠳᠬᠤᠵᠤ᠂ ᠶᠠᠳᠠᠭᠤ ᠶᠢ ᠲᠡᠳᠬᠦᠬᠦ ᠪᠠ ᠣᠶᠣᠨ ᠢ ᠲᠡᠳᠬᠦᠬᠦ ᠶᠢ ᠤᠶᠠᠯᠳᠤᠭᠤᠯᠵᠤ᠂ ᠬᠠᠪᠰᠤᠷᠤᠨ ᠲᠡᠳᠬᠦᠬᠦ ᠡᠷᠦᠬᠡ ᠵᠢᠨ‌ᠠᠵᠢᠯ  ᠣᠯᠬᠤ ᠰᠡᠳᠬᠢᠬᠦᠶ᠂  ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠵᠣᠷᠢᠭᠵᠢᠭᠤᠯᠬᠤ   ᠨᠢ ᠰᠠᠶ᠋ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠬᠡᠮᠵᠢᠶ᠎ᠡ ᠮᠥᠨ  ᠭᠡᠰᠡᠨi ᠲᠠᠨᠢᠯᠲᠠ ᠲᠠᠢ ᠪᠠᠶᠢᠬᠤ  ᠬᠡᠷᠡᠭᠳᠡᠢ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号