ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠴᠢᠩ ᠱᠦᠢ ᠾᠧ ᠰᠢᠶᠠᠨ ᠳᠤ ᠬᠦᠷᠴᠦ ︽ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠤᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2018-06-19
     6 ᠳ᠋ᠤᠭᠠᠷ ᠰᠠᠷ᠎ᠠ ᠶᠢᠨ 15 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠡᠷᠬᠢᠯᠡᠭᠴᠢ ᠡᠦ ᠰᠦ᠋ ᠲᠢᠩ ᠨᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠠᠷ ᠢ ᠤᠷᠢᠵᠤ ᠪᠠᠶᠢᠴᠠᠭᠠᠨ ᠰᠤᠳᠤᠯᠬᠤ ᠲᠤᠭᠤᠶᠢᠯᠠᠩ ᠪᠦᠷᠢᠯᠳᠦᠭᠦᠯᠵᠦ᠂ ᠴᠢᠩ ᠱᠦᠢ ᠾᠧ ᠰᠢᠶᠠᠨ ᠳᠤ ᠬᠦᠷᠴᠦ ︽ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠤᠨ ᠲᠤᠬᠠᠢ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠢ ᠬᠤᠷᠠᠯᠳᠤᠭᠤᠯᠪᠠ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠦᠨ ᠶᠦᠸᠡᠢ ᠺᠦᠢ᠂ ᠳᠡᠳ᠋ ᠡᠷᠬᠢᠯᠡᠭᠴᠢ ᠵᠠᠩ ᡁᠢ ᠰᠢᠩ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠮᠠᠨ ᠤ ᠰᠢᠶᠠᠨ ᠤ ᠪᠤᠲᠠᠲᠠᠢ ᠲᠠᠢ ᠤᠶᠠᠯᠳᠤᠭᠤᠯᠤᠨ᠂ ᠲᠤᠰ ᠲᠤᠰ ᠠᠳᠠᠯᠢ ᠪᠤᠰᠤ ᠬᠠᠷᠠᠭᠠᠰᠤ ᠠᠴᠠ ᠮᠠᠨ ᠤ ᠰᠢᠶᠠᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠪᠥᠳᠥᠭᠡᠨ ᠪᠠᠶᠢᠭᠤᠯᠬᠤ ᠬᠠᠮᠢᠶᠠᠷᠤᠯᠲᠠ ᠶᠢᠨ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠥᠪᠡᠷ ᠤᠨ ᠢᠶᠠᠨ ᠰᠠᠨᠠᠯ ᠰᠠᠨᠠᠭᠤᠯᠭ᠎ᠠ ᠪᠠᠨ ᠳᠤᠷᠠᠳᠤᠭᠰᠠᠨ ᠪᠠᠶᠢᠨ᠎ᠠ᠃      ᠶᠦᠨ ᠶᠦᠸᠡᠢ ᠺᠦᠢ ᠵᠢᠭᠠᠵᠤ ᠭᠠᠷᠭᠠᠭᠰᠠᠨ ᠨᠢ᠂ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠪᠣᠯᠣᠨ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠤᠰᠠᠳᠠ᠂ ᠴᠢᠩ ᠱᠦᠢ ᠾᠧ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠨᠢ ᠭᠡᠷ ᠪᠠᠶᠢᠰᠢᠩ ᠤᠨ ᠠᠮᠤᠷ ᠲᠦᠪᠰᠢᠨ ᠤ ᠠᠵᠢᠯ ᠢ ᠮᠠᠰᠢ ᠴᠢᠬᠤᠯᠠᠴᠢᠯᠠᠨ ᠦᠵᠡᠵᠦ ᠪᠤᠢ᠂ ᠭᠡᠷ ᠪᠠᠶᠢᠰᠢᠩ ᠤᠨ ᠠᠮᠤᠷ ᠲᠦᠪᠰᠢᠨ ᠤ ᠠᠵᠢᠯ ᠢ ᠬᠡᠷᠬᠢᠨ ᠥᠷᠨᠢᠭᠦᠯᠬᠦ ᠲᠤᠬᠠᠢ ᠲᠡᠷᠡ ᠭᠤᠷᠪᠠᠨ ᠰᠠᠨᠠᠭᠤᠯᠭ᠎ᠠ ᠶᠢ ᠳᠤᠷᠠᠳᠪᠠ᠂ ᠨᠢᠭᠡ ᠳᠤ ᠬᠠᠭᠤᠴᠢᠨ ᠬᠡᠷ ᠪᠠᠶᠢᠰᠢᠩ ᠢ ᠰᠢᠯᠵᠢᠭᠦᠯᠦᠨ ᠲᠦᠷᠢᠶᠡᠰᠦᠯᠡᠭᠦᠯᠬᠦ ᠠᠮᠤᠷ ᠲᠦᠪᠰᠢᠨ ᠴᠢᠨᠠᠷ ᠢ ᠪᠣᠳᠣᠯᠬᠢᠯᠠᠬᠤ ᠬᠡᠷᠡᠭᠲᠡᠶ ︔ ᠬᠤᠶᠠᠷ ᠲᠤ ᠭᠡᠷ ᠪᠠᠶᠢᠰᠢᠩ ᠤᠨ ᠭᠠᠯ ᠭᠠᠷᠬᠤ ᠳᠠᠯᠳᠠ ᠠᠶᠤᠯ ᠢ ᠠᠷᠢᠯᠭᠠᠬᠤ ᠬᠡᠷᠡᠭᠲᠡᠶ︔ ᠭᠤᠷᠪᠠ ᠳᠤ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠡᠷᠴᠢᠮ ᠢ ᠨᠡᠮᠡᠭᠳᠡᠭᠦᠯᠬᠦ ᠬᠡᠷᠡᠭᠲᠡᠶ ᠭᠡᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠪᠠᠶᠢᠴᠠᠭᠠᠨ ᠰᠤᠳᠤᠯᠤᠯᠲᠠ  ᠮᠠᠰᠢ ᠶᠡᠭᠡ ᠣᠯᠤᠯᠲᠠ ᠪᠣᠯᠪᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠣᠯᠠᠨ ᠲᠦᠮᠡᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠠᠮᠢᠶᠠᠷᠤᠯᠲᠠ ᠳᠠᠬᠢ ᠦᠨᠡᠨ ᠰᠠᠨᠠᠯ ᠰᠠᠨᠠᠭᠤᠯᠭ᠎ᠠ ᠶᠢ ᠣᠯᠵᠤ ᠰᠣᠨᠣᠰᠴᠤ᠂ ᠮᠥᠨᠴᠦ ᠦᠨᠳᠦᠰᠦᠨ ᠱᠠᠲᠤᠨ ᠤ ᠣᠷᠣᠨ ᠰᠠᠭᠤᠴᠠ ᠳᠤ ᠣᠷᠣᠰᠢᠵᠤ ᠪᠠᠶᠢᠭ᠎ᠠ ᠪᠣᠳᠠᠲᠠᠶ ᠪᠠᠶᠢᠳᠠᠯ ᠢ ᠲᠤᠰᠬᠠᠪᠠ᠂ ︽ᠬᠥᠬᠡᠬᠤᠲᠠ ᠶᠢᠨ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠢ ᠨᠡᠩ ᠰᠠᠶᠢᠲᠤᠷ ᠲᠣᠭᠲᠠᠭᠠᠬᠤ ᠳᠤ ᠡᠷᠬᠢᠮ ᠨᠠᠨᠳᠢᠨ ᠦᠨᠳᠦᠰᠦ ᠪᠠᠷᠢᠮᠲᠠ ᠬᠠᠩᠭᠠᠭᠰᠠᠨ ᠪᠠᠶᠢᠨ᠎ᠠ ᠭᠡᠪᠡ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠡᠯ᠎ᠡ ᠵᠥᠪᠯᠡᠯ ᠠᠯᠪᠠᠨ ᠭᠡᠷ ᠬᠢᠭᠡᠳ ᠰᠢᠶᠠᠨ ᠤ ᠬᠤᠲᠠ ᠬᠥᠳᠡᠭᠡ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号