ᠶᠠᠩ ᠸᠧ ᠳ᠋ᠦᠩ ᠲᠦᠪ ‍ᠦᠨ‌ᠣᠷᠴᠢᠨ‌ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠣᠨ ᠪᠠᠶᠢᠴᠠᠭᠠᠬᠤ ᠳᠤᠭᠤᠶᠢᠯᠠᠩ  ᠤᠨ ︽ᠡᠷᠭᠢᠨ ᠬᠠᠷᠠᠬᠤ︾ ᠠᠵᠢᠯᠯᠠᠭ᠎ᠠ ᠶᠢᠨ ᠬᠦᠬᠡᠬᠤᠲᠠ ᠳᠤ ᠲᠤᠰᠢᠶᠠᠨ  ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ  ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2018-06-19
       6 ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠸᠧ ᠳ᠋ᠦᠩ  ᠤᠨ ᠳᠠᠭᠠᠭᠤᠯᠭ᠎ᠠ ᠪᠠᠷ  ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ  ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ︽ᠡᠷᠭᠢᠨ‌ᠬᠠᠷᠠᠬᠤ︾ ᠠᠵᠢᠯᠯᠠᠭ᠎ᠠ ᠶᠢᠨ ᠬᠦᠬᠡᠬᠤᠲᠠ ᠳᠤ ᠲᠤᠰᠢᠶᠠᠨ‌‍ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠬᠢᠨᠠᠨ ᠵᠢᠯᠣᠭᠤᠳᠪᠠ᠃       ᠠᠵᠢᠯ ᠲᠦᠷᠦᠯ ᠤᠨ ᠬᠢᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠲᠠᠪᠤᠨ ᠲᠣᠯᠣᠭᠠᠢ ᠲᠣᠰᠬᠤᠨ  ᠤ ᠾᠦᠩ ᠯᠢ ᠲᠠᠢ ᠳᠤᠯᠠᠭᠠᠯᠠᠭ᠎ᠠ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠳᠤ ᠬᠦᠷᠴᠦ ᠠᠵᠤ ᠠᠬᠤᠶᠢᠯᠠᠯ ᠤᠨ ᠣᠷᠴᠢᠨ ᠠᠬᠤᠶ ᠶᠢ ᠬᠠᠮᠠᠭᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠠᠰᠠᠭᠤᠨ ᠣᠶᠢᠯᠠᠭᠠᠵᠤ᠂ ᠡᠯ᠎ᠡ ᠵᠦᠢᠯ ᠤᠨ ᠬᠢᠨᠠᠨ ᠰᠢᠯᠭᠠᠬᠤ ᠭᠦᠢᠴᠡᠳᠬᠡᠬᠦ ᠲᠤᠭ᠎ᠠ ᠶᠢ  ᠪᠠᠶᠢᠴᠠᠭᠠᠵᠠᠢ᠃ ᠰᠤᠷᠪᠤᠯᠵᠢᠯᠠᠭᠴᠢ ᠲᠤᠬᠠᠶ ᠶᠢᠨ ᠲᠠᠯᠠᠪᠤᠷ ᠠᠴᠠ ᠣᠶᠢᠯᠠᠭᠠᠭᠰᠠᠨ ᠢᠶᠠᠷ ᠲᠤᠰ ᠠᠵᠤ ᠠᠬᠤᠶᠢᠯᠠᠯ ᠨᠢᠭᠡᠨᠲᠡ ᠪᠦᠬᠦᠠ ᠲᠠᠯ᠎ᠠ ᠪᠠᠷ ᠠᠵᠢᠯ ᠵᠣᠭᠰᠣᠵᠣ᠂ ᠰᠢᠨ᠎ᠡ ᠬᠤᠲᠠ ᠲᠣᠭᠤᠷᠢᠭ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ  ᠲᠣᠪᠴᠢᠶ᠎ᠠ ᠠᠴᠠ ᠲᠤᠰ ᠠᠵᠤ ᠠᠬᠤᠶᠢᠯᠠᠯ ᠳᠤ  ᠵᠠᠰᠠᠭ ᠵᠠᠬᠢᠷᠭᠠᠨ ᠤ ᠲᠣᠷᠭᠠᠭᠠᠨ ᠰᠢᠢᠳᠭᠡᠬᠦ ᠪᠢᠴᠢᠭ ᠪᠠᠭᠤᠯᠭᠠᠪᠠ᠃       ᠬᠢᠨᠠᠨ ᠵᠢᠯᠣᠭᠤᠳᠤᠯᠭ᠎ᠠ ᠶᠢᠨ ᠳᠤᠮᠳᠠ ᠶᠠᠩ ᠸᠧ ᠳ᠋ᠦᠩ ᠴᠢᠬᠤᠯᠠᠴᠢᠯᠠᠭᠰᠠᠨ ᠨᠢ᠂  ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ ᠡᠷᠭᠢᠨ‌ᠬᠠᠷᠠᠬᠤ︾ ᠠᠵᠢᠯᠯᠠᠭ᠎ᠠ ᠶᠢᠨ ᠴᠡᠭᠴᠡᠯᠡᠨ ᠥᠭᠡᠷᠡᠴᠢᠯᠡᠬᠦ  ᠠᠵᠢᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠨᠢ ᠠᠷᠠᠳ ᠤᠨ ᠠᠮᠢᠳᠤᠷᠠᠯ ᠤᠨ ᠪᠤᠶᠠᠨ ᠬᠡᠰᠢᠭ ᠪᠠ ᠬᠥᠭᠵᠢᠯᠲᠡ ᠲᠠᠢ ᠬᠤᠯᠪᠣᠭᠳᠠᠭᠰᠠᠨ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠮᠥᠨ᠃ ᠡᠯ᠎ᠡ  ᠱᠠᠲᠤ ᠡᠯ᠎ᠡ ᠰᠠᠯᠠᠭ᠎ᠠ ᠮᠥᠴᠢᠷ᠂ ᠣᠨᠴᠠᠭᠠᠶᠢᠯᠠᠨ ᠤᠳᠤᠷᠢᠳᠬᠤ ᠺᠠᠳ᠋ᠷᠴᠤᠳ ᠲᠠᠨᠢᠯᠲᠠ ᠪᠠᠨ ᠳᠡᠭᠡᠭᠰᠢᠯᠡᠭᠦᠯᠦᠨ᠂ ᠰᠢ ᠶᠢᠨ ᠫᠢᠩ ᠨᠦᠬᠦᠷ ‍ᠦᠨ‌ᠠᠮᠢ ᠠᠬᠤᠶ ᠶᠢᠨ ᠪᠣᠯᠪᠠᠰᠤᠨ  ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠣᠷᠴᠢᠨ ᠲᠣᠭᠤᠷᠢᠨ ᠢ ᠬᠠᠮᠠᠭᠠᠯᠠᠬᠤ ᠠᠰᠠᠭᠤᠳᠠᠯ  ᠳᠤ ᠬᠠᠲᠠᠭᠤ ᠪᠡᠷᠬᠡ ᠠᠴᠠ ᠠᠶᠤᠬᠤ ᠦᠭᠡᠶ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠡᠷᠡᠰ ᠰᠠᠶᠢᠨ ᠬᠢᠬᠦ ᠬᠡᠷᠡᠭᠲᠡᠶ  ᠭᠡᠪᠡ  ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠶᠢᠨ ᠢᠯᠡᠷᠡᠭᠦᠯᠦᠭᠰᠡᠨ ᠠᠰᠠᠭᠤᠳᠠᠯ᠂ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠰᠠᠨᠠᠯ ᠵᠢᠴᠢ ᠬᠦᠰᠡᠯ ᠱᠠᠭᠠᠷᠳᠠᠯᠭ᠎ᠠ  ᠂ ᠣᠯᠠᠨ ᠲᠦᠮᠡᠨ ᠤ ᠲᠤᠰᠬᠠᠯ ᠶᠡᠬᠡᠲᠡᠶ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂  ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠣᠯᠠᠨ ᠲᠦᠮᠠᠨ ᠤ ᠣᠷᠴᠢᠨ ᠠᠬᠤᠶ ᠶᠢᠨ ᠡᠷᠬᠡ ᠠᠰᠢᠭ ᠢ ᠬᠠᠮᠠᠭᠠᠯᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠤ ᠱᠠᠭᠠᠷᠳᠠᠭᠰᠠᠨ ᠪᠠᠶᠢᠨ᠎ᠠ  ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号