ᠪᠠᠭ᠎ᠠ ᠵᠤᠤ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠤᠨ ᠺᠠᠳ᠋ᠷᠴᠤᠳ ︽ᠮᠢᠨᠦ ᠬᠤᠳᠠ ᠮᠢᠨᠦ ᠭᠡᠷ︾ ᠢ ᠰᠣᠨᠢᠷᠬᠠᠪᠠ
ᠨᠡᠶᠢᠲᠡᠯᠡᠭᠰᠡᠨ ᠴᠠᠭ᠄
2018-06-19
     6 ᠳ᠋ᠤᠭᠠᠷ ᠰᠠᠷ᠎ᠠ ᠶᠢᠨ 12 ᠤᠨ ᠦᠳᠡ ᠶᠢᠨ ᠡᠮᠦᠨ᠎ᠡ᠂ ᠪᠠᠭ᠎ᠠ ᠵᠤᠤ ᠶᠢᠨ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠺᠠᠳ᠋ᠷᠴᠤᠳ ᠢ ᠵᠣᠬᠢᠶᠠᠨ ᠪᠠᠶᠢᠭᠤᠯᠤᠨ ᠬᠦᠬᠡᠬᠤᠲᠠ ᠶᠢᠨ ︽ᠮᠢᠨᠦ ᠬᠤᠳᠠ ᠮᠢᠨᠦ ᠭᠡᠷ︾ ᠤᠬᠠᠭᠤᠯᠭ᠎ᠠ ᠶᠢᠨ ᠺᠢᠨᠤ᠋ ᠶᠢ ᠰᠤᠨᠢᠷᠬᠠᠪᠠ᠃      ᠪᠠᠷᠢᠮᠲᠠᠲᠤ ᠺᠢᠨᠣ᠋ ᠳᠤ 2016 ᠣᠨ ᠠᠴᠠ  ᠬᠥᠬᠡᠬᠤᠲᠠ ᠶᠢᠨ ᠲᠡᠦᠬᠡᠨ  ᠳᠠᠬᠢ ᠣᠷᠣᠭᠤᠯᠤᠯᠲᠠ ᠪᠠᠷ ᠬᠠᠮᠤᠭ ᠤᠨ ᠶᠡᠭᠡ᠂ ᠬᠦᠷᠢᠶ᠎ᠡ ᠬᠡᠪᠴᠢᠶ᠎ᠡ ᠪᠠᠷ ᠬᠠᠮᠤᠭ ᠤᠨ ᠥᠷᠭᠡᠨ᠂ ᠡᠯᠧᠮᠧᠨ᠋ᠲ ᠬᠠᠮᠤᠭ ᠪᠦᠷᠢᠨ ᠪᠣᠯᠬᠤ ᠬᠤᠳᠠ ᠶᠢᠨ ᠣᠷᠴᠢᠨ ᠠᠬᠤᠶ ᠶᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠠᠪᠤᠭᠤᠯᠤᠭᠰᠠᠨ ᠢ ᠬᠠᠷᠠᠭᠤᠯᠵᠤ᠂ 2 ᠵᠢᠯ ᠤᠨ ᠲᠤᠰᠬᠠᠶ ᠴᠡᠭᠴᠡᠯᠡᠨ   ᠵᠠᠰᠠᠯᠲᠠ ᠪᠠᠷ ᠪᠦᠭᠦ ᠬᠤᠲᠠ ᠶᠢᠨ 3085 ︽ᠬᠦᠬᠡᠬᠤᠲᠠ ᠶᠢᠨ ᠵᠤᠭᠰᠣᠭᠠᠯ︾᠂ ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢ ᠰᠢᠨ᠎ᠡ ᠪᠠᠷ  ᠪᠠᠶᠢᠭᠤᠯᠵᠤ ᠦᠭᠡᠷᠡᠴᠢᠯᠡᠨ ᠵᠠᠰᠠᠵᠠᠢ᠃ ︽ᠲᠣᠭᠤᠭᠠᠨ ᠭᠡᠷ ᠤᠨ ᠬᠤᠪᠢᠰᠤᠯ︾ ᠠᠴᠠ ᠪᠦᠬᠦ ᠬᠤᠳᠠ ᠶᠢᠨ 3.5  ᠲᠦᠮᠡ ᠢᠯᠡᠭᠦᠦ ᠢᠳᠡᠭᠡᠨ ᠤᠮᠳᠠᠭᠠᠨ ᠤ ᠠᠵᠤ ᠠᠬᠤᠶᠢᠯᠠᠯ ᠤᠨ ︽ᠲᠤᠭᠤᠭᠠᠨ ᠭᠡᠷ ᠢ ᠢᠯᠡ ᠪᠤᠯᠭᠠᠬᠤ︾ ᠶᠢ ᠪᠡᠶᠡᠯᠡᠭᠦᠯᠵᠦ᠂ ᠡᠳᠦᠷ ᠲᠤ ᠬᠤᠭᠤᠯᠠᠨ ᠭᠡᠷ᠂ ᠲᠣᠭᠤᠭᠠᠨ ᠭᠡᠷ ᠤᠨ 50 ᠢᠯᠡᠭᠦᠦ ᠲᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠪᠠᠶᠢᠭᠰᠠᠨ ᠠᠴᠠ160 ᠲᠣᠨ ᠠᠴᠠ ᠳᠡᠭᠡᠭᠰᠢ ᠪᠤᠯᠭᠠᠵᠠᠢ᠃ ︽ᠬᠦᠢᠲᠡᠨ ᠪᠠᠶᠢᠰᠢᠩ ᠢ ᠨᠤᠷᠠᠭᠠᠨ ᠨᠤᠭᠤᠭᠠᠷᠠᠭᠤᠯᠤᠯᠲᠠ ᠶᠢᠨ ᠬᠡᠮᠵᠢᠶ᠎ᠡ ᠶᠢ ᠲᠡᠭᠡᠭᠰᠢᠯᠡᠭᠦᠯᠬᠦ︾ ᠠᠵᠢᠯᠯᠠᠭ᠎ᠠ ᠳᠤᠮᠳᠠ᠂ 833 ᠣᠷᠣᠨ ᠰᠠᠭᠤᠴᠠ ᠶᠢᠨ ᠬᠤᠷᠢᠶᠠᠯᠠᠯ  ᠢ ᠥᠭᠡᠷᠡᠴᠢᠯᠡᠨ   ᠰᠠᠶᠢᠵᠢᠷᠠᠭᠤᠯᠵᠤ᠂ 9.84 ᠲᠦᠮᠡ ᠬᠦᠢᠲᠡᠨ ᠪᠠᠶᠢᠰᠢᠩ᠂ 3 ᠲᠦᠮᠡ ᠭᠠᠷᠤᠶ ᠲᠦᠷᠢᠮ ᠵᠥᠷᠢᠴᠡᠭᠰᠡᠨ ᠪᠠᠷᠢᠯᠭ᠎ᠠ ᠶᠢᠨ ᠭᠠᠵᠠᠷ ᠢ  ᠨᠤᠭᠤᠭᠠᠷᠠᠭᠤᠯᠤᠭᠰᠠᠨ ᠭᠠᠵᠠᠷ᠂ ᠲᠡᠷᠭᠡᠨ ᠵᠣᠭᠰᠣᠭᠠᠯ᠂  ᠬᠤᠷᠢᠶᠠᠯᠠᠯ ᠤᠨ ᠲᠠᠯᠠᠪᠠᠶ ᠪᠠᠷ ᠤᠷᠤᠯᠠᠭᠤᠯᠵᠤ᠂ 37 ᠲᠦᠮᠡᠨ ᠡᠷᠦᠬᠡ ᠶᠢᠨ 100 ᠲᠦᠮᠡᠨ ᠬᠥᠮᠦᠨ  ᠭᠡᠷ ᠠᠴᠠ ᠭᠠᠷᠬᠤ   ᠳᠤ ᠤᠢ ᠮᠤᠳᠤ  ᠪᠠᠶᠢᠬᠤ ᠰᠢᠨ᠎ᠡ ᠠᠮᠢᠳᠤᠷᠠᠯ ᠲᠠᠢ ᠪᠣᠯᠵᠠᠢ᠃ 80 ᠲᠦᠮᠡᠨ ᠲᠤᠷᠤᠭ ᠮᠣᠳᠣ᠂ 2000 ᠲᠦᠮᠡᠨ ᠪᠣᠳᠠ ᠮᠣᠳᠣ  ᠲᠠᠷᠢᠵᠤ᠂ 247 ᠵᠤᠭᠠᠴᠠᠯ ᠤᠨ ᠴᠡᠴᠡᠷᠯᠢᠭ ᠪᠠᠶᠢᠭᠤᠯᠵᠠᠢ᠃ ᠡᠨᠡ ᠵᠢᠯ ᠤᠨ 2  ᠳ᠋ᠤᠭᠠᠷ ᠰᠠᠷ᠎ᠠ ᠳᠤ᠂ ᠬᠥᠬᠡᠬᠤᠲᠠ ᠭᠤᠷᠪᠠᠳᠤᠭᠠᠷ ᠤᠳᠠᠭ᠎ᠠ ᠰᠢᠩ ᠹᠦ᠋ ᠰᠢᠶᠠᠩ ᠶᠦᠨ ᠬᠤᠨᠳᠠᠭᠠᠲᠤ ᠱᠠᠩᠨᠠᠯ ᠢ ᠲᠤᠰᠴᠤ᠂ ᠪᠦᠬᠦ ᠤᠯᠤᠰ ᠤᠨ ᠠᠷᠪᠠᠨ ᠶᠡᠭᠡ ᠵᠣᠯ  ᠵᠢᠷᠭᠠᠯᠲᠤ ᠬᠤᠲᠠ ᠶᠢᠨ ᠨᠢᠭᠡ ᠪᠤᠯᠪᠠ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号