ᠡᠷᠡᠮᠡᠯᠵᠡᠯ ᠲᠠᠭᠯᠠᠬᠤ ᠳᠤ ᠲᠦᠭᠦᠮ ᠦᠢᠯᠡᠴᠢᠯᠡᠭᠡ ᠬᠠᠨᠭ᠍ᠭᠠᠭᠰᠠᠨ ᠦᠭᠡᠢ ᠬᠠᠷᠢᠭᠤᠴᠠᠯᠭᠠᠲᠠᠨ ᠢ ᠢᠯᠡᠴᠢᠯᠡᠨ ᠮᠡᠳᠡᠭᠦᠯᠵᠦ ᠪᠤᠯᠤᠨ᠎ᠠ
ᠨᠡᠶᠢᠲᠡᠯᠡᠭᠰᠡᠨ ᠴᠠᠭ᠄
2018-06-19
      ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠤᠨ ᠠᠯᠪᠠᠨ ᠵᠢᠷᠬᠢᠶ᠎ᠡ ᠠᠴᠠ ᠤᠢᠢᠯᠠᠭᠠᠭᠰᠠᠨ ᠢᠶᠠᠷ᠂ ᠤᠯᠤᠰ ᠤᠨ ᠨᠢᠭᠡᠲᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠦᠶᠡᠰ᠂ ᠡᠯ᠎ᠡ ᠲᠤᠮᠳᠠᠳᠦ ᠰᠤᠷᠭᠠᠭᠤᠯᠢ ᠶᠢᠨ ᠵᠠᠬᠢᠷᠤᠯ ᠪᠠ ᠬᠠᠷᠢᠶ᠎ᠠ ᠰᠤᠷᠭᠠᠨ ᠬᠦᠮᠦᠵᠢᠯ ᠤᠨ ᠲᠤᠪᠴᠢᠶᠡᠨ ᠲᠠᠷᠤᠭ᠎ᠠ ᠨᠢᠭᠡᠨᠲᠡ ︽ᠲᠤᠮᠳᠠᠳᠦ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠵᠦ᠂ ᠰᠢᠯᠭᠠᠭᠤᠯᠤᠭᠴᠢ ᠰᠦᠯᠵᠢᠶᠡᠨ ᠲᠡᠭᠡᠷ᠎ᠡ ᠤᠯᠤᠰ ᠤᠨ ᠨᠢᠭᠡᠲᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠪᠠ ᠶᠡᠭᠡ ᠰᠤᠷᠭᠠᠭᠤᠯᠢ ᠶᠢᠨ ᠡᠷᠡᠮᠡᠯᠵᠡᠯ ᠲᠠᠭᠯᠠᠬᠤ ᠳᠤ ᠲᠦᠭᠦᠮ ᠦᠢᠯᠡᠴᠢᠯᠡᠭᠡ ᠬᠠᠨᠭ᠍ᠭᠠᠨ᠎ᠠ ᠭᠡᠵᠦ ᠠᠮᠠᠯᠳᠠᠵᠠᠢ᠃      ᠮᠡᠳᠡᠭᠳᠡᠯ ᠢ ᠦᠨᠳᠦᠰᠦᠯᠡᠪᠡᠯ᠂ ᠮᠠᠨ ᠤ ᠤᠷᠤᠨ ᠬᠢᠨᠠᠯᠲᠠ ᠲᠠᠯᠪᠢᠬᠤ ᠢᠯᠡᠴᠢᠯᠡᠨ ᠮᠡᠳᠡᠭᠦᠯᠬᠦ ᠲᠦᠷᠢᠮ ᠪᠠᠶᠢᠭᠤᠯᠵᠦ᠂ ᠡᠯ᠎ᠡ ᠬᠠᠮᠢᠶ᠎ᠠ ᠪᠦᠬᠦᠢ ᠰᠤᠷᠭᠠᠭᠤᠯᠢ ᠪᠠ ᠠᠵᠢᠯᠲᠠᠨ ᠲᠦᠷᠢᠮ ᠠᠴᠠ ᠵᠦᠷᠢᠴᠡᠭᠰᠡᠨ ᠪᠠᠶᠢᠪᠠᠯ᠂ ᠬᠠᠮᠢᠶ᠎ᠠ ᠪᠦᠬᠦᠢ ᠬᠦᠮᠦᠰ ᠢᠯᠡᠴᠢᠯᠡᠨ ᠮᠡᠳᠡᠭᠦᠯᠵᠦ ᠪᠤᠯᠤᠨ᠎ᠠ᠂ ᠢᠯᠡᠴᠢᠯᠡᠨ ᠮᠡᠳᠡᠭᠦᠯᠦᠭᠰᠡᠨ ᠪᠠᠶᠢᠳᠠᠯ ᠨᠢ ᠦᠨᠡᠨ ᠪᠤᠳᠠᠳᠠᠢ ᠪᠠᠶᠢᠪᠠᠯ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ ᠨᠢᠭᠡᠲᠦᠭᠡᠷ ᠢᠯᠡᠴᠢᠯᠡᠨ ᠮᠡᠳᠡᠭᠦᠯᠦᠭᠰᠡᠳ ᠲᠤ 2000 ᠲᠦᠭᠦᠷᠢᠭ ᠤᠨ ᠪᠡᠯᠡᠨ ᠵᠤᠭᠤᠰᠤᠨ ᠤ ᠱᠠᠩᠨᠠᠯ ᠤᠨ ᠮᠦᠡᠭᠭᠦ ᠤᠯᠭᠤᠨ᠎ᠠ᠃ ᠢᠯᠡᠴᠢᠯᠡᠬᠦ ᠤᠳᠠᠰᠦ᠄ 0471-3261805᠃      ᠤᠢᠢᠯᠠᠭᠠᠭᠰᠠᠨ ᠢᠶᠠᠷ᠂ ︽ᠲᠤᠮᠳᠠᠳᠦ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠪᠢᠴᠢᠭ︾ ᠲᠤ ᠲᠤᠤᠷᠠᠬᠢ 3 ᠲᠠᠯ᠎ᠠ ᠶᠢᠨ ᠠᠮᠠᠯᠠᠯᠲᠠ ᠬᠢᠵᠠᠢ᠄ ᠨᠢᠭᠡ ᠳᠤ᠂ ᠲᠤᠬᠠᠢ ᠶᠢᠨ ᠰᠤᠷᠭᠠᠭᠤᠯᠢ ᠳᠤ ᠰᠤᠷᠤᠯᠴᠠᠵᠦ ᠪᠠᠶᠢᠭ᠎ᠠ ᠰᠢᠯᠭᠠᠭᠤᠯᠤᠭᠴᠢ ᠳᠤ ᠤᠯᠤᠰ ᠤᠨ ᠨᠢᠭᠡᠲᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠪᠠ ᠡᠷᠡᠮᠡᠯᠵᠡᠯ ᠢᠶᠠᠨ ᠰᠦᠯᠵᠢᠶᠡᠨ ᠲᠡᠭᠡᠷ᠎ᠡ ᠲᠠᠭᠯᠠᠬᠤ ᠳᠤ ᠨᠦᠭᠦᠴᠡᠯ ᠦᠭᠡᠢ ᠪᠠᠷ ᠲᠠᠯᠠᠪᠤᠷ ᠬᠠᠨᠭ᠍ᠭᠠᠵᠦ᠂ ᠡᠷᠡᠮᠡᠯᠵᠡᠯ ᠢᠶᠠᠨ ᠲᠠᠭᠯᠠᠬᠤ ᠳᠤ ᠬᠦᠮᠦᠨ ᠪᠦᠷᠢ ᠳᠤ ᠨᠢᠭᠡ ᠺᠤᠮᠫᠢᠦ᠋ᠲ᠋ᠧᠷ ᠨᠤᠭᠳᠠᠬᠤ᠂ ᠰᠦᠯᠵᠢᠶᠡᠨ ᠤ ᠦᠷᠭᠡᠨ ᠪᠦᠰᠡ ᠨᠢ 100 Mb ᠠᠴᠠ ᠲᠡᠭᠡᠭᠰᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠬᠤᠯᠪᠤᠭ᠎ᠠ ᠪᠠᠷᠢᠬᠤ ᠲᠤᠭᠤᠢᠢᠯᠠᠩ᠂ ᠵᠢᠯᠤᠭᠤᠳᠬᠤ ᠪᠠᠭᠰᠢ ᠨᠠᠷ ᠤᠨ ᠲᠤᠭᠤᠢᠢᠯᠠᠩ᠂ ᠮᠡᠷᠭᠡᠵᠢᠯ ᠤᠨ ᠵᠢᠯᠤᠭᠤᠳᠤᠯᠭ᠎ᠠ ᠶᠢᠨ ᠲᠤᠭᠤᠢᠢᠯᠠᠩ᠂ ᠠᠷᠦ ᠲᠠᠯ᠎ᠠ ᠶᠢᠨ ᠠᠵᠢᠯ ᠤᠨ ᠪᠠᠲᠤᠯᠠᠭ᠎ᠠ ᠶᠢᠨ ᠲᠤᠭᠤᠢᠢᠯᠠᠩ ᠵᠡᠷᠭᠡ ᠠᠴᠠ ᠪᠦᠷᠢᠯᠳᠦᠭᠰᠡᠨ᠂ ᠰᠤᠷᠭᠠᠭᠤᠯᠢ ᠶᠢᠨ ᠵᠠᠬᠢᠷᠤᠯ ᠭᠤᠤᠯ ᠬᠠᠷᠢᠭᠤᠴᠠᠯᠭ᠎ᠠ ᠶᠢ ᠡᠭᠦᠷᠭᠡᠯᠡᠭᠰᠡᠨ ᠰᠢᠯᠭᠠᠭᠤᠯᠤᠭᠴᠢ ᠶᠢᠨ ᠰᠦᠯᠵᠢᠶᠡᠨ ᠲᠡᠭᠡᠷ᠎ᠡ ᠡᠷᠡᠮᠡᠯᠵᠡᠯ ᠲᠠᠭᠯᠠᠬᠤ ᠠᠵᠢᠯ ᠤᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠦ᠂ ᠰᠢᠯᠭᠠᠭᠤᠯᠤᠭᠴᠢ ᠶᠢᠨ ᠲᠠᠪᠳᠠᠨ ᠪᠤᠯᠪᠠᠰᠤᠷᠠᠭᠤᠯᠤᠯ ᠢ ᠴᠢᠩᠭᠠᠳᠬᠠᠵᠦ᠂ ᠪᠦᠬᠦ ᠰᠢᠯᠭᠠᠭᠤᠯᠤᠭᠴᠢ ᠶᠢᠨ ᠰᠦᠯᠵᠢᠶᠡᠨ ᠲᠡᠭᠡᠷ᠎ᠡ ᠡᠷᠡᠮᠡᠯᠵᠡᠯ ᠲᠠᠭᠯᠠᠬᠤ ᠠᠯᠬᠤᠮ ᠲᠠᠷᠠᠭ᠎ᠠ ᠶᠢ ᠪᠤᠯᠪᠠᠰᠤᠷᠠᠩᠭᠤᠢ ᠡᠵᠡᠮᠰᠢᠬᠦ᠂ ᠡᠷᠡᠮᠡᠯᠵᠡᠯ ᠢᠶᠠᠨ ᠵᠦᠪ ᠲᠠᠭᠯᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠰᠢᠯᠭᠠᠭᠤᠯᠤᠭᠴᠢ ᠳᠤ ᠨᠡᠷ᠎ᠡ ᠮᠡᠳᠡᠭᠦᠯᠬᠦ ᠺᠠᠷᠲ᠂ ᠡᠷᠡᠮᠡᠯᠵᠡᠯ ᠲᠠᠭᠯᠠᠬᠤ ᠠᠯᠪᠠᠨ ᠤ ᠪᠤᠰᠤ ᠵᠦᠬᠡᠯᠡᠨ ᠲᠤᠨᠤᠭ ᠵᠡᠷᠭᠡ ᠶᠢᠨ ᠬᠠᠤᠯᠢ ᠪᠤᠰᠤ ᠪᠠᠷ ᠨᠡᠷ᠎ᠡ ᠮᠡᠳᠡᠭᠦᠯᠬᠦ᠂ ᠡᠷᠡᠮᠡᠯᠵᠡᠯ ᠲᠠᠭᠯᠠᠬᠤ ᠵᠦᠭᠡᠯᠡᠨ ᠲᠤᠨᠤᠭ ᠢ ᠲᠠᠨᠢᠯᠴᠠᠭᠤᠯᠵᠦ ᠪᠤᠯᠬᠤ ᠦᠭᠡᠢ᠂ ᠰᠢᠯᠭᠠᠭᠤᠯᠤᠭᠴᠢ ᠲᠠᠢ ᠦᠪᠡᠷᠳᠡᠭᠡᠨ ᠰᠦᠯᠵᠢᠶᠡᠨ ᠪᠠᠭᠠᠷ ᠲᠤ ᠪᠤᠶᠤ ᠪᠤᠰᠤᠳ ᠲᠠᠯᠠᠪᠤᠷ ᠲᠤ ᠡᠷᠡᠮᠡᠯᠵᠡᠯ ᠲᠠᠭᠯᠠᠬᠤ ᠶᠢᠨ ᠵᠤᠬᠢᠰ ᠦᠭᠡᠢ ᠬᠡᠯᠡᠯᠴᠡᠭᠡᠷ ᠲᠤᠭᠳᠠᠵᠦ ᠪᠤᠯᠬᠤ ᠦᠭᠡᠢ᠃      ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ ᠰᠦᠯᠵᠢᠶᠡᠨ ᠳᠤ ᠡᠷᠡᠮᠡᠯᠵᠡᠯ ᠲᠠᠭᠯᠠᠬᠤ ᠳᠤ ᠦᠢᠯᠡᠴᠢᠯᠡᠬᠦ ᠭᠤᠤᠯ ᠬᠠᠷᠢᠭᠤᠴᠠᠯᠭ᠎ᠠ ᠪᠠᠨ ᠨᠡᠶᠢᠲᠡᠪᠤᠷᠢᠵᠢᠭᠤᠯᠤᠭᠰᠠᠨ ᠦᠭᠡᠢ᠂ ᠰᠢᠯᠭᠠᠭᠤᠯᠤᠭᠴᠢ ᠳᠤ ᠨᠦᠭᠦᠴᠡᠯ ᠦᠭᠡᠢ ᠪᠠᠷ ᠰᠦᠯᠵᠢᠶᠡᠨ ᠲᠡᠭᠡᠷ᠎ᠡ ᠡᠷᠡᠮᠡᠯᠵᠡᠯ ᠲᠠᠭᠯᠠᠬᠤ ᠲᠠᠯᠠᠪᠤᠷ ᠬᠠᠨᠭ᠍ᠭᠠᠭᠰᠠᠨ ᠦᠭᠡᠢ᠂ ᠲᠠᠪᠳᠠᠨ ᠪᠤᠯᠪᠠᠰᠤᠷᠠᠭᠤᠯᠤᠯ ᠬᠢᠭᠰᠡᠨ ᠦᠭᠡᠢ᠂ ︽ᠭᠤᠷᠪᠠ ᠶᠢ ᠡᠷᠡᠰ ᠴᠠᠭᠠᠵᠠᠯᠠᠬᠤ︾ ᠱᠠᠭᠠᠷᠳᠠᠯᠭ᠎ᠠ ᠠᠴᠠ ᠵᠦᠷᠢᠴᠡᠭᠰᠡᠨ ᠪᠤᠶᠤ ᠵᠠᠭᠤᠴᠢ ᠺᠤᠮᠫᠠᠨᠢ ᠶᠢᠨ ᠪᠦᠲᠦᠭᠡᠭᠳᠡᠭᠦᠨ ᠢᠶᠠᠨ ᠲᠠᠨᠢᠯᠴᠠᠭᠤᠯᠬᠤ ᠳᠤ ᠲᠦᠭᠦᠮ ᠨᠦᠭᠦᠴᠡᠯ ᠬᠠᠨᠭ᠍ᠭᠠᠭᠰᠠᠨ ᠪᠠᠶᠢᠪᠠᠯ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠴᠢᠩᠭ᠎ᠠ ᠰᠢᠳᠭᠡᠨ᠎ᠡ ᠭᠡᠵᠦ ᠢᠯᠡᠷᠭᠡᠶᠢᠯᠡᠵᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号