ᠴᠧᠨ ᠯᠢ ᠶᠢᠨ ᠴᠧᠩ ᠭᠤᠸᠠᠨ ᠪᠠᠯᠭᠠᠰᠣᠨ ᠳᠤ ᠭᠦᠨᠵᠡᠭᠡᠶᠢᠷᠡᠨ ᠣᠷᠴᠢᠨ ᠬᠠᠮᠠᠭᠠᠯᠠᠯᠲᠠ ᠶᠢᠨ ᠴᠡᠭᠴᠡᠯᠡᠨ ᠵᠠᠰᠠᠬᠤ ᠠᠵᠢᠯ ᠢ ᠬᠢᠨᠠᠨ ᠪᠠᠶᠢᠴᠠᠭᠠᠵᠣ ᠰᠢᠮᠳᠠᠭᠤᠯᠣᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2018-06-20
     6 ᠳ᠋ᠤᠭᠠᠷ ᠰᠠᠷ᠎ᠠ ᠶᠢᠨ15 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠴᠧᠩ ᠭᠤᠸᠠᠨ ᠪᠠᠯᠭᠠᠰᠣᠨ ᠤ ᠤᠤ ᠪᠥᠸᠧ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠲᠣ ᠺᠣᠮᠫᠠᠨᠢ ᠳᠤ ᠭᠦᠨᠵᠡᠭᠡᠶᠢᠷᠡᠨ ᠣᠷᠴᠢᠨ ᠬᠠᠮᠠᠭᠠᠯᠠᠯᠲᠠ ᠶᠢᠨ ᠴᠡᠭᠴᠡᠯᠡᠨ ᠵᠠᠰᠠᠬᠤ ᠠᠵᠢᠯ ᠢ ᠬᠢᠨᠠᠨ ᠪᠠᠶᠢᠴᠠᠭᠠᠵᠣ ᠰᠢᠮᠳᠠᠭᠤᠯᠣᠨ ᠰᠢᠢᠳᠪᠦᠷᠢᠯᠡᠪᠡ᠃ ᠴᠧᠩ ᠭᠤᠸᠠᠨ ᠪᠠᠯᠭᠠᠰᠤ᠂ ᠣᠷᠴᠢᠨ ᠬᠠᠮᠠᠭᠠᠯᠠᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠯᠲᠠ ᠬᠢᠪᠡ᠃      ᠴᠧᠨ ᠯᠢ ᠶᠢᠨ ᠤᠤ ᠪᠥᠸᠧ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠲᠣ ᠺᠣᠮᠫᠠᠨᠢ ᠶᠢᠨ ᠬᠠᠷᠢᠭᠤᠴᠠᠯᠭᠠᠲᠠᠨ ᠤ ᠦᠢᠯᠡᠳᠪᠦᠷᠢ ᠲᠣᠭᠤᠷᠢᠭ ᠤᠨ ᠴᠡᠭᠴᠡᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠢᠯᠡᠳᠪᠦᠷᠢ ᠲᠣᠭᠤᠷᠢᠭ ᠤᠨ ᠦᠢᠯᠡᠳᠪᠦᠷᠢᠯᠡᠨ ᠡᠵᠡᠩᠨᠡᠵᠦ ᠪᠠᠶᠢᠭ᠎ᠠ ᠪᠠᠶᠢᠳᠠᠯ ᠵᠢᠴᠢ ᠲᠥᠬᠦᠭᠡᠷᠦᠮᠵᠢ ᠶᠢ ᠰᠠᠶᠢᠵᠢᠷᠠᠭᠤᠯᠣᠨ ᠳᠡᠭᠡᠭᠰᠢᠯᠡᠭᠦᠯᠬᠦ ᠲᠥᠰᠥᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠦᠪᠯᠡᠭᠡ ᠶᠢ ᠨᠠᠷᠢᠨ ᠣᠶᠢᠯᠠᠭᠠᠵᠣ᠂ ᠡᠭᠦᠨ ᠤ ᠳᠠᠭᠠᠣ ᠳᠤ ᠣᠷᠴᠢᠨ ᠲᠣᠭᠤᠷᠢᠨ ᠢ ᠬᠠᠮᠠᠭᠠᠯᠠᠬᠤ ᠠᠰᠠᠭᠤᠳᠠᠯ ᠤᠨ ᠲᠣᠬᠠᠢ ᠪᠣᠳᠠᠲᠠᠢ ᠴᠡᠭᠴᠡᠯᠡᠨ ᠵᠠᠰᠠᠬᠤ ᠱᠠᠭᠠᠷᠳᠠᠯᠭ᠎ᠠ ᠳᠤᠷᠠᠳᠪᠠ᠃      ᠴᠧᠨ ᠯᠢ ᠶᠢᠨ ᠵᠢᠭᠠᠵᠣ ᠭᠠᠷᠭᠠᠭᠰᠠᠨ ᠨᠢ᠂ ᠠᠵᠣ ᠠᠬᠤᠶᠢᠯᠠᠯ ᠵᠠᠪᠠᠯ ᠲᠥᠪ ᠤᠨ ᠣᠷᠴᠢᠨ ᠬᠠᠮᠠᠭᠠᠯᠠᠯᠲᠠ ᠶᠢᠨ ᠰᠢᠮᠳᠠᠭᠤᠯᠣᠨ ᠪᠠᠶᠢᠴᠠᠭᠠᠬᠤ ᠳᠣᠭᠤᠶᠢᠯᠠᠩ ᠤᠨ ᠲᠣᠰᠢᠶᠠᠨ ᠰᠢᠢᠳᠪᠦᠷᠢᠯᠡᠭᠦᠯᠦᠭᠰᠡᠨ ᠣᠷᠴᠢᠨ ᠲᠣᠭᠤᠷᠢᠨ ᠤ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠤᠨ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠣᠯᠠᠨ ᠲᠦᠮᠡᠨ ᠤ ᠳᠤᠰᠬᠠᠯ ᠶᠡᠬᠡᠲᠡᠢ ᠣᠷᠴᠢᠨ ᠲᠣᠭᠤᠷᠢᠨ ᠤ ᠪᠣᠬᠢᠷᠳᠣᠯ ᠤᠨ ᠠᠰᠠᠭᠤᠳᠠᠯ ᠢ ᠲᠡᠷᠡ ᠳᠠᠷᠣᠢ ᠳᠤᠨᠢ ᠴᠡᠭᠴᠡᠯᠡᠨ ᠵᠠᠰᠠᠵᠣ᠂ ᠬᠡᠷᠡᠭ ᠣᠴᠢᠷ ᠤᠨ ᠪᠦᠲᠦᠮᠵᠢᠲᠡᠢ ᠰᠢᠢᠳᠪᠦᠷᠢᠯᠡᠭᠳᠡᠬᠦ ᠶᠢ ᠪᠠᠲᠣᠯᠠᠵᠣ᠂ ᠴᠡᠭᠴᠡᠯᠡᠨ ᠵᠠᠰᠠᠬᠤ ᠠᠵᠢᠯ ᠳᠠᠬᠢ ᠣᠷᠣᠰᠢᠵᠣ ᠪᠠᠶᠢᠭ᠎ᠠ ᠠᠰᠠᠭᠤᠳᠠᠯ ᠳᠠᠬᠢᠨ ᠳᠠᠪᠲᠠᠭᠳᠠᠬᠤ ᠠᠴᠠ ᠰᠡᠷᠭᠡᠶᠢᠯᠡᠨ᠂ ᠠᠷᠠᠳ ᠲᠦᠮᠡᠨ ᠤ ᠣᠷᠴᠢᠨ ᠲᠣᠭᠤᠷᠢᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠡᠢ᠃      ᠴᠧᠨ ᠯᠢ ᠶᠢᠨ ᠴᠢᠩᠭᠠᠳᠬᠠᠭᠰᠠᠨ ᠨᠢ᠂ ᠣᠷᠴᠢᠨ ᠬᠠᠮᠠᠭᠠᠯᠠᠯᠲᠠ ᠶᠢᠨ ᠰᠠᠯᠠᠭ᠎ᠠ ᠮᠦᠴᠢᠷ ᠤᠤ ᠪᠥᠸᠧ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠲᠣ ᠺᠣᠮᠫᠠᠨᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠡᠭᠴᠡᠯᠡᠨ ᠵᠠᠰᠠᠵᠣ ᠨᠠᠶᠢᠳᠠᠪᠣᠷᠢᠵᠢᠭᠤᠯᠬᠤ ᠶᠢ ᠴᠢᠩᠭᠠᠳᠬᠠᠵᠣ᠂ ᠠᠵᠣ ᠠᠬᠤᠶᠢᠯᠠᠯ ᠢ ᠲᠦᠭᠦᠬᠡᠢ ᠡᠳ᠋ ᠤᠨ ᠲᠣᠭᠤᠷᠢᠭ ᠪᠣᠯᠣᠨ ᠦᠯᠡᠳᠡᠭᠳᠡᠯ ᠡᠳ᠋ ᠤᠨ ᠲᠣᠭᠤᠷᠢᠭ ᠲᠤ ᠵᠠᠪᠠᠯ ᠲᠣᠭᠤᠰᠣᠨ ᠠᠴᠠ ᠰᠡᠷᠭᠡᠶᠢᠯᠡᠬᠦ ᠲᠣᠣᠷ ᠪᠦᠷᠬᠦᠬᠦ ᠶᠢ ᠱᠠᠭᠠᠷᠳᠠᠵᠣ᠂ ᠣᠶᠢᠷ᠎ᠠ ᠬᠠᠪᠢ ᠶᠢᠨ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠣᠷᠠᠯ ᠢ ᠨᠦᠯᠦᠭᠡᠯᠡᠬᠦ ᠦᠭᠡᠢ ᠪᠠᠶᠢᠬᠤ ᠶᠢ ᠪᠠᠲᠣᠯᠠᠬᠤ ᠬᠡᠷᠡᠭᠲᠡᠢ︔ ᠭᠠᠯ ᠤᠨ ᠠᠶᠣᠯ ᠠᠴᠠ ᠰᠡᠷᠭᠡᠶᠢᠯᠡᠬᠦ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠲᠦᠭᠦᠬᠡᠢ ᠡᠳ᠋ ᠪᠣᠯᠣᠨ ᠦᠢᠯᠡᠳᠪᠦᠷᠢᠯᠡᠯ ᠤᠨ ᠲᠣᠭᠤᠷᠢᠭ ᠤᠨ ᠬᠠᠮᠠᠭᠠᠯᠠᠯᠲᠠ ᠲᠣᠰᠠᠭᠠᠷᠯᠠᠯᠲᠠ ᠶᠢ ᠰᠠᠶᠢᠲᠣᠷ ᠬᠢᠬᠦ ᠬᠡᠷᠡᠭᠲᠡᠢ︔ ᠠᠵᠣ ᠠᠬᠤᠶᠢᠯᠠᠯ ᠵᠠᠪᠠᠯ ᠣᠯᠣᠰ ᠤᠨ ᠣᠷᠴᠢᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠰᠢᠨ᠎ᠡ ᠲᠦᠬᠦᠭᠡᠷᠦᠮᠵᠢ ᠶᠢ ᠪᠠᠶᠢᠷᠢᠯᠠᠭᠤᠯᠣᠨ᠂ ᠡᠭᠦᠨ ᠤ ᠬᠠᠮᠲᠣ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠦᠯᠦᠨ ᠰᠢᠯᠭᠠᠨ ᠠᠪᠣᠭᠰᠠᠨ ᠤ ᠳᠠᠷᠠᠭ᠎ᠠ ᠰᠠᠶ᠋ᠢ ᠦᠢᠯᠡᠳᠪᠦᠷᠢᠯᠡᠯ ᠢᠶᠠᠨ ᠰᠡᠷᠭᠦᠭᠡᠵᠦ ᠪᠣᠯᠣᠨ᠎ᠠ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号