ᠬᠤᠷᠢᠨᠭᠡᠷ ᠰᠢᠶᠠᠨ ᠪᠦᠬᠦ ᠣᠷᠣᠨ ᠤ ᠬᠤᠳᠠᠯᠳᠣᠭᠠᠨ ᠤ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠧᠯᠸᠢᠰ ᠳ᠋ᠢᠶᠠᠩᠬᠤᠸᠠ ᠬᠤᠷᠠᠯ ᠢ ᠵᠣᠬᠢᠶᠠᠨ ᠪᠠᠶᠢᠭᠤᠯᠣᠨ ᠰᠣᠨᠣᠰᠪᠠ
ᠨᠡᠶᠢᠲᠡᠯᠡᠭᠰᠡᠨ ᠴᠠᠭ᠄
2018-06-20
     6 ᠳ᠋ᠤᠭᠠᠷ ᠰᠠᠷ᠎ᠠ ᠶᠢᠨ15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠤᠳᠠᠯᠳᠣᠭᠠᠨ ᠤ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠧᠯᠸᠢᠰ ᠳ᠋ᠢᠶᠠᠩᠬᠤᠸᠠ ᠬᠤᠷᠠᠯ ᠬᠤᠷᠠᠯᠳᠣᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠥ ᠶᠠᠩ ᠰᠢᠶᠣᠣ ᠬᠤᠢ ᠬᠤᠷᠠᠯ  ᠳᠤ ᠣᠷᠣᠯᠴᠠᠨ ᠶᠠᠷᠢᠶ᠎ᠠ ᠲᠠᠯᠪᠢᠪᠠ᠃      ᠡᠸᠦ ᠶᠠᠩ ᠰᠢᠶᠤᠤ ᠬᠤᠢ ᠴᠢᠬᠤᠯᠠᠴᠢᠯᠠᠭᠰᠠᠨ ᠨᠢ᠂ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠮᠦᠨ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠠᠭᠤᠯᠭ᠎ᠠ ᠪᠣᠯᠣᠨ ︽ᠡᠷᠬᠡ ᠶᠢ ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠳᠡ ᠶᠢᠨ ᠰᠢᠪᠳᠤᠯᠤᠯᠳᠠ ᠶᠢᠨ ᠴᠢᠨᠠᠷᠳᠠᠢ᠂ ᠬᠦᠳᠦᠯᠦᠨ ᠲᠠᠭᠠᠭᠤᠯᠬᠤ ᠴᠢᠨᠠᠷᠳᠠᠢ᠂ ᠲᠦᠯᠦᠭᠡᠯᠡᠬᠦ ᠴᠢᠨᠠᠷᠳᠠᠢ ᠠᠷᠭ᠎ᠠ ᠬᠡᠮᠵᠢᠶ᠎ᠡ ᠪᠤᠯᠤᠨ᠎ᠠ᠂ ᠨᠠᠮ ᠪᠤᠯᠤᠨ ᠤᠯᠤᠰ ᠤᠨ ᠠᠵᠢᠯ ᠤᠨ ᠪᠦᠬᠦ ᠲᠠᠯ᠎ᠠ ᠳᠤ ᠴᠢᠬᠤᠯᠠ ᠦᠢᠯᠡᠳᠦᠯ ᠲᠠᠢ ᠶᠤᠮ ᠭᠡᠵᠡᠢ᠃      ᠡᠸᠦ ᠶᠠᠩ ᠰᠢᠶᠤᠤ ᠬᠤᠢ ᠳᠠᠷᠠᠭᠠᠴᠢ ᠶᠢᠨ ᠠᠵᠢᠯ ᠤᠨ ᠬᠤᠪᠢ ᠳᠤ ᠭᠤᠷᠪᠠᠨ ᠵᠦᠢᠯ ᠤᠨ ᠰᠠᠨᠠᠯ ᠳᠣᠷᠠᠳᠣᠭᠰᠠᠨ ᠪᠠᠶᠢᠨ᠎ᠠ᠄ ᠨᠢᠭᠡ ᠳᠤ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ ᠬᠤᠳᠠᠯᠳᠣᠭᠠᠨ ᠤ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢᠨ ᠴᠢᠬᠤᠯᠠ ᠴᠢᠨᠠᠷ ᠤᠨ ᠲᠣᠬᠠᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠩᠭ᠎ᠠ ᠬᠠᠷᠢᠭᠤᠴᠠᠯᠭᠠᠲᠤ ᠤᠬᠠᠮᠰᠠᠷ ᠪᠣᠯᠣᠨ ᠠᠯᠣᠰ ᠬᠡᠲᠦ ᠶᠢᠨ ᠪᠠᠶᠢᠯᠳᠣᠬᠤ ᠪᠣᠳᠣᠯᠭ᠎ᠠ ᠶᠢᠨ ᠬᠠᠷᠠᠴᠠ ᠪᠠᠷ ᠡᠨᠡᠬᠦ ᠥᠭᠡᠷᠡᠴᠢᠯᠡᠯᠲᠡ ᠶᠢ ᠵᠥᠪ ᠪᠠᠶᠢᠷᠢᠨ ᠳᠤ ᠲᠠᠯᠪᠢᠵᠣ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠦᠯᠬᠢᠨ ᠠᠬᠢᠭᠤᠯᠬᠤ ᠬᠡᠷᠡᠭᠲᠡᠢ︔ ᠬᠤᠶᠠᠷ ᠲᠤ᠂ ᠤᠨᠢᠨ ᠲᠡᠭᠡᠷ᠎ᠠ ᠨᠢ ᠬᠦᠴᠦᠯᠡᠵᠦ᠂ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠣ᠂ ︽ᠡᠷᠬᠡ ᠶᠢ ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠠᠵᠢᠯ ᠢ ᠭᠤᠣᠯᠳᠠᠯᠭ᠎ᠠ ᠲᠠᠢ ᠠᠳᠬᠤᠨ᠂ ︽ᠲᠠᠯᠪᠢᠬᠤ︾ ᠳᠤ ᠨᠡᠩ ᠲᠣᠶᠢᠯᠪᠣᠷᠢᠲᠠᠢ ᠲᠠᠯᠪᠢᠵᠣ᠂ ︽ᠬᠠᠮᠢᠶᠠᠷᠬᠤ︾ ᠳᠤ ᠨᠡᠩ ᠡᠷᠬᠡ ᠲᠡᠭᠰᠢ ᠨᠡᠩ ᠪᠦᠲᠦᠮᠵᠢᠲᠡᠢ ᠬᠠᠮᠢᠶᠠᠷᠴᠣ᠂ ︽ᠦᠢᠯᠡᠴᠢᠯᠡᠬᠦ︾ ᠳᠤ ᠨᠡᠩ ᠴᠢᠨᠠᠷᠯᠢᠭ ᠨᠡᠩ ᠳᠥᠭᠦᠮ ᠢᠶᠠᠷ ᠦᠢᠯᠡᠴᠢᠯᠡᠬᠦ ᠬᠡᠷᠡᠭᠲᠡᠢ︔ ᠭᠤᠷᠪᠠ ᠳᠤ᠂ ᠬᠦᠴᠦᠨ ᠢᠶᠠᠨ ᠬᠠᠮᠳᠤᠳᠬᠠᠨ ᠰᠢᠪᠲᠤᠯᠵᠤ᠂ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ ᠭᠡᠵᠠᠢ᠃      ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠴᠢ ᠪᠠᠢ ᠰᠢᠶᠣᠣ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠠᠮ ᠵᠠᠰᠠᠭ ᠤᠨ ᠠᠯᠪᠠᠨ ᠭᠡᠷ ᠤᠨ ᠵᠢᠷᠭᠤᠳᠣᠭᠠᠷ ᠳᠠᠪᠬᠤᠷᠭ᠎ᠠ ᠶᠢᠨ ᠬᠤᠪᠢᠶᠠᠷᠢ ᠬᠤᠷᠠᠯ ᠤᠨ ᠲᠠᠯᠠᠪᠣᠷ ᠲᠤ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号