ᠬᠥᠬᠡᠬᠤᠲᠠ ᠶᠢᠨ ᠭᠤᠣᠯ ᠮᠦᠷᠡᠨ ᠤ ᠠᠵᠢᠯ ᠳᠤ ᠬᠠᠷᠢᠭᠤᠴᠠᠬᠤ ᠶᠡᠷᠦᠩᠬᠡᠢ ᠳᠠᠷᠤᠭ᠎ᠠ ᠶᠦᠨ ᠭᠤᠸᠠᠩ ᠵᠥᠩ ᠂ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠡᠳ᠋ ᠶᠡᠷᠦᠩᠬᠡᠢ ᠳᠠᠷᠤᠭ᠎ᠠ ᠹᠧᠩ ᠢᠦᠢ ᠵᠧᠨ ᠨᠢᠭᠡᠳᠦᠭᠡᠷ ᠲᠣᠭᠠᠲᠤ ᠭᠤᠣᠯ ᠮᠦᠷᠡᠨ ᠤ ᠠᠵᠢᠯ ᠳᠤ ᠬᠠᠷᠢᠭᠤᠴᠠᠬᠤ ᠶᠡᠷᠦᠩᠬᠡᠢ ᠳᠠᠷᠤᠭ᠎ᠠ ᠶᠢᠨ ᠵᠠᠷᠯᠢᠭ ᠪᠠᠭᠤᠯᠭᠠᠵᠤ  ᠭᠤᠣᠯ ᠮᠦᠷᠡᠨ ᠢ ᠲᠣᠭᠤᠷᠢᠨ ᠪᠠᠶᠢᠴᠠᠭᠠᠬᠤ ᠬᠥᠳᠡᠯᠭᠡᠭᠡᠨ ᠢ ᠪᠦᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2018-06-20
      6 ᠳ᠋ᠤᠭᠠᠷ ᠰᠠᠷ᠎ᠠ  ᠶᠢᠨ 16 ᠤ ᠡᠳᠦᠷ  ᠂ ᠬᠥᠬᠡᠬᠤᠲᠠ ᠶᠢᠨ ᠭᠤᠣᠯ ᠮᠦᠷᠡᠨ ᠤ ᠠᠵᠢᠯ ᠳᠤ ᠬᠠᠷᠢᠭᠤᠴᠠᠬᠤ ᠶᠡᠷᠦᠩᠬᠡᠢ ᠳᠠᠷᠤᠭ᠎ᠠ ᠶᠦᠨ ᠭᠤᠸᠠᠩ ᠵᠥᠩ  ᠂ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠡᠳ᠋ ᠶᠡᠷᠦᠩᠬᠡᠢ ᠳᠠᠷᠤᠭ᠎ᠠ ᠹᠧᠩ ᠢᠦᠢ ᠵᠧᠨ ᠠᠴᠠ ᠡᠯ᠎ᠡ ᠲᠡᠰ  ᠤᠨ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ  ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ  ᠳᠤ ᠨᠢᠭᠡᠳᠦᠭᠡᠷ ᠲᠣᠭᠠᠲᠤ ᠭᠤᠣᠯ ᠮᠦᠷᠡᠨ ᠤ ᠠᠵᠢᠯ ᠳᠤ ᠬᠠᠷᠢᠭᠤᠴᠠᠬᠤ ᠶᠡᠷᠦᠩᠬᠡᠢ ᠳᠠᠷᠤᠭ᠎ᠠ ᠶᠢᠨ ᠵᠠᠷᠯᠢᠭ ᠪᠠᠭᠤᠯᠭᠠᠵᠤ ᠭᠤᠣᠯ ᠮᠦᠷᠡᠨ ᠢ ᠲᠣᠭᠤᠷᠢᠨ ᠪᠠᠶᠢᠴᠠᠭᠠᠬᠤ ᠬᠥᠳᠡᠯᠭᠡᠭᠡᠨ ᠢ ᠪᠦᠬᠦ ᠲᠠᠯ᠎ᠠ ᠪᠠᠷ ᠥᠷᠨᠢᠭᠦᠯᠪᠡ᠃        ᠨᠢᠭᠡᠳᠦᠭᠡᠷ ᠲᠣᠭᠠᠲᠤ ᠭᠤᠣᠯ ᠮᠦᠷᠡᠨ ᠤ ᠠᠵᠢᠯ ᠳᠤ ᠬᠠᠷᠢᠭᠤᠴᠠᠬᠤ ᠶᠡᠷᠦᠩᠬᠡᠢ ᠳᠠᠷᠤᠭ᠎ᠠ ᠶᠢᠨ ᠵᠠᠷᠯᠢᠭ ᠲᠤ ᠵᠢᠭᠠᠵᠤ ᠭᠠᠷᠭᠠᠭᠰᠠᠨ ᠨᠢ  ᠂ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠶᠢᠨ ᠳᠦᠷᠢᠮ  ᠢ ᠪᠦᠬᠦ ᠲᠠᠯ᠎ᠠ  ᠪᠠᠷ ᠬᠡᠷᠡᠭᠵᠢᠭᠦᠯᠬᠦ ᠨᠢ ᠨᠠᠮ ᠤᠨ ᠠᠷᠪᠠ ᠶᠢᠰᠦᠳᠦᠭᠡᠷ ᠬᠤᠷᠠᠯ  ᠤᠨ ᠵᠣᠷᠢᠭ ᠰᠠᠨᠠᠭ᠎ᠠ ᠪᠠ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠠᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠭᠤᠣᠯ ᠮᠦᠷᠡᠨ ᠢ ᠲᠣᠭᠤᠷᠢᠨ ᠪᠠᠶᠢᠴᠠᠭᠠᠬᠤ ᠨᠢ ᠡᠯ᠎ᠡ ᠲᠡᠰ ᠤᠨ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠭᠤᠣᠯ ᠠᠷᠭ᠎ᠠ ᠮᠠᠶ᠋ᠢᠭ ᠮᠥᠨ  ᠃ ᠬᠤᠲᠠ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ  ᠂ ᠲᠣᠰᠬᠤᠨ ᠳᠥᠷᠪᠡᠨ ᠲᠡᠰ ᠤᠨ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠳᠠᠷᠤᠢ ᠲᠦᠷᠭᠡᠨ ᠬᠥᠳᠡᠯᠦᠯᠴᠡᠨ ᠬᠠᠷᠢᠭᠤᠴᠠᠯᠭᠠᠲᠤ ᠪᠠᠶᠢᠭᠤᠯᠤᠯᠭ᠎ᠠ ᠪᠠᠨ ᠳᠠᠭᠠᠭᠤᠯᠤᠨ ᠭᠤᠣᠯ ᠮᠦᠷᠡᠨ ᠢ ᠲᠣᠭᠤᠷᠢᠨ ᠪᠠᠶᠢᠴᠠᠭᠠᠬᠤ ᠬᠥᠳᠡᠯᠭᠡᠭᠡᠨ  ᠢ ᠥᠷᠨᠢᠭᠦᠯᠬᠦ ᠬᠡᠷᠡᠭᠲᠡᠢ  ᠂ ᠵᠠᠷᠴᠢᠮ ᠳᠡᠭᠡᠷ᠎ᠡ  ᠪᠠᠨ ᠬᠤᠲᠠ ᠶᠢᠨ ᠲᠡᠰ ᠤᠨ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠤᠯᠠᠷᠢᠯ ᠪᠦᠷᠢ ᠳᠤ ᠭᠤᠣᠯ ᠮᠥᠷᠡᠨ ᠢ ᠠᠳᠠᠭ ᠲᠠᠭᠠᠨ ᠨᠢᠭᠡ ᠤᠳᠠᠭ᠎ᠠ ᠲᠣᠭᠤᠷᠢᠨ ᠪᠠᠶᠢᠴᠠᠭᠠᠵᠤ  ᠂ ᠰᠢᠶᠡᠨ  ᠤ ᠲᠡᠰ ᠤᠨ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠬᠤᠶᠠᠷ ᠰᠠᠷ᠎ᠠ ᠳᠤ ᠠᠳᠠᠭ ᠲᠠᠭᠠᠨ ᠨᠢᠭᠡ ᠤᠳᠠᠭ᠎ᠠ  ᠂ ᠰᠢᠶᠠᠩ ᠪᠠᠯᠭᠠᠰᠤᠨ ᠤ ᠲᠡᠰ ᠤᠨ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ  ᠂ ᠲᠣᠰᠬᠤᠨ  ᠤ ᠲᠡᠰ ᠤᠨ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠭᠠᠷᠠᠭ ᠪᠦᠷᠢ ᠠᠳᠠᠭ ᠲᠠᠭᠠᠨ ᠨᠢᠭᠡ ᠤᠳᠠᠭ᠎ᠠ ᠲᠣᠭᠤᠷᠢᠨ ᠪᠠᠶᠢᠴᠠᠭᠠᠬᠤ ᠬᠡᠷᠡᠭᠲᠡᠢ  ᠃ ᠲᠣᠭᠤᠷᠢᠨ ᠪᠠᠶᠢᠴᠠᠭᠠᠭᠰᠠᠨ ᠲᠡᠮᠲᠡᠭᠯᠡᠯ  ᠢᠶᠠᠨ ᠰᠠᠶᠢᠲᠤᠷ ᠬᠢᠵᠦ ᠴᠠᠭ ᠳᠠᠷᠤᠢ ᠳᠤᠨᠢ ᠳᠠᠩᠰᠠᠯᠠᠨ ᠪᠠᠶᠢᠴᠠᠭᠠᠬᠤ ᠳᠤ ᠪᠡᠯᠡᠬᠡᠨ ᠪᠣᠯᠭᠠᠬᠤ ᠬᠡᠷᠡᠭᠲᠡᠢ ᠭᠡᠪᠡ  ᠃      ᠨᠢᠭᠡᠳᠦᠭᠡᠷ ᠲᠣᠭᠠᠲᠤ ᠭᠤᠣᠯ ᠮᠦᠷᠡᠨ ᠤ ᠠᠵᠢᠯ ᠳᠤ ᠬᠠᠷᠢᠭᠤᠴᠠᠬᠤ ᠶᠡᠷᠦᠩᠬᠡᠢ ᠳᠠᠷᠤᠭ᠎ᠠ ᠶᠢᠨ ᠵᠠᠷᠯᠢᠭ ᠲᠤ ᠱᠠᠭᠠᠷᠳᠠᠭᠰᠠᠨ ᠨᠢ  ᠂ ᠡᠯ᠎ᠡ ᠲᠡᠰ ᠤᠨ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠬᠤᠭ ᠨᠣᠪᠰᠢ ᠶᠢ ᠳᠤᠷ᠎ᠠ ᠪᠠᠷ ᠬᠠᠶᠠᠬᠤ ᠶᠢ ᠪᠠᠶᠢᠴᠠᠭᠠᠬᠤ  ᠂ ᠪᠤᠵᠠᠷ ᠤᠰᠤ ᠶᠢ ᠰᠢᠭᠤᠳ ᠭᠠᠳᠠᠭᠰᠢᠯᠠᠭᠤᠯᠬᠤ ᠶᠢ ᠪᠠᠶᠢᠴᠠᠭᠠᠬᠤ  ᠂ ᠬᠠᠷ᠎ᠠ ᠪᠤᠵᠠᠷ ᠤᠰᠤ ᠶᠢ ᠪᠠᠶᠢᠴᠠᠭᠠᠬᠤ᠂ ᠳᠤᠷ᠎ᠠ ᠪᠠᠷ ᠮᠠᠯᠲᠠᠵᠤ ᠨᠡᠭᠡᠭᠡᠬᠦ ᠶᠢ ᠪᠠᠶᠢᠴᠠᠭᠠᠬᠤ  ᠂ ᠬᠠᠤᠯᠢ ᠪᠤᠰᠤ ᠪᠠᠷ ᠪᠦᠲᠦᠭᠡᠨ ᠪᠠᠶᠢᠭᠤᠯᠬᠤ ᠶᠢ ᠪᠠᠶᠢᠴᠠᠭᠠᠬᠤ ᠪᠠᠷ ᠭᠤᠣᠯ ᠮᠦᠷᠡᠨ ᠢ ᠲᠣᠭᠤᠷᠢᠨ ᠪᠠᠶᠢᠴᠠᠭᠠᠬᠤ ᠬᠥᠳᠡᠯᠭᠡᠭᠡᠨ ᠤ ᠭᠤᠣᠯᠳᠠᠯᠭ᠎ᠠ ᠪᠣᠯᠭᠠᠵᠤ᠂ ᠭᠤᠣᠯ ᠮᠥᠷᠡᠨ ᠨᠠᠭᠤᠷ ᠴᠥᠭᠦᠷᠥᠮ  ︵ᠤᠰᠤᠨ ᠴᠥᠭᠦᠷᠥᠮ︶  ᠤᠨ ᠬᠠᠮᠢᠶᠠᠷᠤᠯᠲᠠ ᠬᠠᠮᠠᠭᠠᠯᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠳᠠᠷᠤᠢ ᠳᠤᠨᠢ ᠢᠯᠡᠷᠡᠭᠦᠯᠦᠨ᠂ ᠳᠣᠣᠷᠠᠳᠤ ᠤᠷᠤᠰᠬᠠᠯ  ᠂ ᠵᠡᠭᠦᠨ ᠪᠠᠷᠠᠭᠤᠨ ᠡᠷᠭᠢ ᠶᠢ ᠵᠣᠬᠢᠴᠠᠭᠤᠯᠤᠨ ᠬᠠᠮᠲᠤ  ᠪᠠᠷ ᠰᠡᠷᠭᠡᠶᠢᠯᠡᠨ᠂ ᠬᠠᠮᠲᠤ  ᠪᠠᠷ ᠡᠵᠡᠮᠳᠡᠨ᠂ ᠬᠠᠮᠲᠤ  ᠪᠠᠷ ᠵᠠᠰᠠᠵᠤ᠂ ᠲᠤᠭ᠎ᠠ ᠬᠡᠮᠵᠢᠶ᠎ᠡ ᠲᠣᠳᠣᠷᠬᠠᠢ᠂ ᠪᠠᠶᠢᠳᠠᠯ ᠢᠯᠡᠷᠬᠡᠢ᠂ ᠠᠷᠭ᠎ᠠ ᠠᠪᠴᠠᠯ ᠵᠣᠬᠢᠮᠵᠢᠲᠠᠢ ᠪᠠᠶᠢᠵᠤ ᠭᠤᠣᠯ ᠮᠥᠷᠡᠨ ᠢ ᠲᠣᠭᠤᠷᠢᠨ ᠪᠠᠶᠢᠴᠠᠭᠠᠬᠤ ᠬᠥᠳᠡᠯᠭᠡᠭᠡᠨ ᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ  ᠃ ᠦᠶᠡᠷ  ᠢ ᠰᠡᠷᠭᠡᠶᠢᠯᠡᠵᠤ ᠭᠠᠩ ᠲᠠᠢ ᠲᠡᠮᠡᠴᠡᠬᠦ ᠠᠵᠢᠯ ᠢ ᠪᠦᠬᠦ ᠬᠦᠴᠦᠨ ᠢᠶᠠᠷ ᠢᠶᠠᠨ ᠠᠳᠬᠤᠵᠤ ᠡᠮᠵᠡᠭ ᠪᠠᠭᠤᠷᠠᠢ ᠪᠠ ᠭᠤᠣᠯᠳᠠᠯᠭ᠎ᠠ ᠲᠠᠢ ᠭᠠᠵᠠᠷ ᠢ ᠴᠠᠭ ᠢᠮᠠᠭᠲᠠ ᠠᠵᠢᠭᠯᠠᠵᠤ  ᠂ ᠦᠶᠡᠷ ᠪᠣᠷᠣᠭᠠᠨ ᠤ ᠪᠠᠶᠢᠳᠠᠯ ᠳᠤ ᠴᠠᠭ ᠢᠮᠠᠭᠲᠠ ᠠᠩᠬᠠᠷᠤᠯ ᠢᠶᠠᠨ ᠬᠠᠨᠳᠤᠭᠤᠯᠵᠤ  ᠂ ᠦᠨᠳᠦᠰᠦᠨ ᠱᠠᠲᠤᠨ ᠳᠤ ᠭᠦᠨᠵᠡᠭᠡᠶᠢᠷᠡᠨ ᠤᠷᠢᠳᠴᠢᠯᠠᠨ ᠰᠡᠷᠭᠡᠶᠢᠯᠡᠵᠦ  ᠂ ᠨᠠᠷᠢᠯᠢᠭ ᠪᠠᠶᠢᠷᠢᠯᠠᠭᠤᠯᠵᠤ  ᠂ ᠨᠢᠮᠪᠠᠢ ᠵᠣᠬᠢᠶᠠᠨ ᠪᠠᠶᠢᠭᠤᠯᠵᠤ  ᠂ ᠰᠢᠨᠵᠢᠯᠡᠬᠦ ᠤᠬᠠᠭᠠᠨᠴᠢ ᠪᠠᠷ ᠵᠣᠬᠢᠴᠠᠭᠤᠯᠵᠤ᠂ ᠲᠡᠷᠢᠭᠦᠯᠡᠨ ᠤᠳᠤᠷᠢᠳᠴᠤ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠬᠠᠷᠢᠭᠤᠴᠠᠯᠭ᠎ᠠ ᠪᠠᠨ ᠴᠢᠩᠭᠠᠳᠬᠠᠨ  ᠂ ᠦᠶᠡᠷ ᠤᠨ ᠬᠤᠭᠤᠴᠠᠭ᠎ᠠ ᠶᠢ ᠠᠶᠤᠯ ᠦᠭᠡᠢ ᠥᠩᠭᠡᠷᠡᠬᠦ ᠶᠢ ᠪᠠᠲᠤᠯᠠᠬᠤ ᠬᠡᠷᠡᠭᠲᠡᠢ᠃ ᠭᠤᠣᠯ ᠮᠥᠷᠡᠨ ᠢ ᠲᠣᠭᠤᠷᠢᠨ ᠪᠠᠶᠢᠴᠠᠭᠠᠬᠤ ᠶᠢ ᠰᠢᠮᠳᠠᠭᠤᠯᠤᠨ ᠵᠢᠯᠣᠭᠤᠳᠴᠤ ᠬᠢᠨᠠᠨ ᠰᠢᠯᠭᠠᠬᠤ ᠶᠢ ᠴᠢᠩᠭᠠᠳᠬᠠᠨ  ᠂ ᠭᠤᠣᠯ ᠮᠥᠷᠡᠨ ᠨᠠᠭᠤᠷ ᠴᠥᠭᠦᠷᠥᠮ  ᠢ ᠬᠠᠮᠢᠶᠠᠷᠴᠤ ᠬᠠᠮᠠᠭᠠᠯᠠᠬᠤ ᠶᠢ ᠤᠬᠠᠭᠤᠯᠤᠨ ᠬᠥᠲᠥᠯᠵᠦ  ᠂ ᠣᠯᠠᠨ ᠲᠦᠮᠡᠨ  ᠢ ᠤᠷᠢᠶᠠᠯᠠᠨ ᠭᠤᠣᠯ ᠮᠥᠷᠡᠨ ᠨᠠᠭᠤᠷ ᠴᠥᠭᠦᠷᠥᠮ  ︵ᠤᠰᠤᠨ ᠴᠥᠭᠦᠷᠥᠮ︶  ᠳᠤ ᠠᠩᠬᠠᠷᠤᠯ  ᠢᠶᠠᠨ ᠬᠠᠨᠳᠤᠭᠤᠯᠵᠤ  ᠂ ᠭᠤᠣᠯ ᠮᠥᠷᠡᠨ ᠨᠠᠭᠤᠷ ᠴᠥᠭᠦᠷᠥᠮ ︵ᠤᠰᠤᠨ ᠴᠥᠭᠦᠷᠥᠮ︶  ᠢ ᠬᠠᠶᠢᠷᠠᠯᠠᠨ᠂ ᠭᠤᠣᠯ ᠮᠥᠷᠡᠨ ᠨᠠᠭᠤᠷ ᠴᠥᠭᠦᠷᠥᠮ ︵ᠤᠰᠤᠨ ᠴᠥᠭᠦᠷᠥᠮ︶  ᠤᠨ ᠬᠠᠮᠢᠶᠠᠷᠤᠯᠲᠠ  ᠳᠤ ᠢᠳᠡᠪᠬᠢᠲᠡᠢ ᠣᠷᠣᠯᠴᠠᠭᠤᠯᠤᠨ᠂ ᠪᠦᠬᠦ ᠨᠡᠶᠢᠭᠡᠮ  ᠢᠶᠠᠷ ᠵᠶ᠋ᠡᠨ‌‍ᠰᠠᠶᠢᠨ ᠳᠤᠷ᠎ᠠ ᠠᠴᠠ ᠪᠠᠨ ᠭᠤᠣᠯ ᠮᠥᠷᠡᠨ ᠨᠠᠭᠤᠷ ᠴᠥᠭᠦᠷᠥᠮ ︵ᠤᠰᠤᠨ ᠴᠥᠭᠦᠷᠥᠮ︶  ᠤᠨ ᠠᠮᠢ ᠠᠬᠤᠢ ᠶᠢ ᠬᠠᠮᠠᠭᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ  ᠃  ︵ᠠᠬᠠᠯᠠᠬᠤ ᠰᠣᠷᠪᠣᠯᠵᠢᠯᠠᠭᠴᠢ  ᠯᠢ ᠬᠠᠢ ᠵᠧᠨ︶
 
ᠢᠷᠡᠯᠲᠡ᠄ ᠬᠥᠬᠡᠬᠤᠲᠠ  ᠶᠢᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号