︽ᠮᠤᠩᠭᠤᠯ ᠤᠨ ᠦᠨᠳᠦᠷᠯᠢᠭ ᠤᠨ ᠡᠷᠳᠡᠨ ᠤ ᠤᠭᠰᠠᠭᠠᠳᠠᠨ︾ ᠨᠤᠮ ᠲᠠᠢ ᠳᠠᠨᠢᠯᠴᠠᠨ᠎ᠠ ᠤᠤ
ᠨᠡᠶᠢᠲᠡᠯᠡᠭᠰᠡᠨ ᠴᠠᠭ᠄
2018-06-20
      ᠦᠪᠦᠷ ᠮᠤᠩᠭᠤᠯ ᠤᠨ ᠬᠦᠯᠦᠨ ᠪᠤᠶᠢᠷ ᠳᠡᠭᠡᠳᠤ ᠰᠤᠷᠭᠠᠭᠤᠯᠢ ᠶᠢᠨ ᠫᠷᠤᠹᠧᠰᠰᠤᠷ ᠰᠤᠩᠳᠤᠢ ᠶᠢᠨ ᠰᠢᠨ᠎ᠡ ᠨᠤᠮ ︽ᠮᠤᠩᠭᠤᠯ ᠤᠨ ᠦᠨᠳᠦᠷᠯᠢᠭ ᠤᠨ ᠡᠷᠳᠡᠨ ᠤ ᠤᠭᠰᠠᠭᠠᠳᠠᠨ︾ ᠦᠪᠦᠷ ᠮᠤᠩᠭᠤᠯ ᠤᠨ ᠰᠤᠶᠤᠯ ᠤᠨ ᠬᠡᠪᠯᠡᠯ ᠤᠨ ᠬᠤᠷᠢᠶ᠎ᠠ ᠠᠴᠠ ᠬᠡᠪᠯᠡᠭᠳᠡᠨ ᠳᠠᠷᠬᠠᠭᠠᠬᠳᠠᠭᠰᠠᠨ ᠶᠤᠮ᠃ ᠲᠤᠰ ᠨᠤᠮ ᠨᠢ ᠬᠡᠷᠡᠯ ᠵᠢᠷᠤᠭ᠂ ᠭᠠᠵᠠᠷ ᠤᠨ ᠵᠢᠷᠤᠭ᠂ ᠲᠠᠶᠢᠯᠪᠤᠷᠢ ᠬᠠᠪᠰᠤᠷᠭᠠᠭᠰᠠᠨ 30 ᠲᠦᠮᠡᠨ ᠦᠰᠦᠭ ᠲᠠᠢ᠂ ᠮᠤᠩᠭᠤᠯ ᠦᠨᠳᠦᠰᠦᠲᠡᠨ ᠤ ᠳᠡᠦᠭᠡ ᠶᠢᠨ ᠴᠤᠪᠤᠷᠠᠯ ᠪᠢᠴᠢᠭ ᠪᠤᠯᠤᠨ᠎ᠠ᠃      ︽ᠮᠤᠩᠭᠤᠯ ᠤᠨ ᠦᠨᠳᠦᠷᠯᠢᠭ ᠤᠨ ᠡᠷᠳᠡᠨ ᠤ ᠤᠭᠰᠠᠭᠠᠳᠠᠨ︾ ᠳᠡᠦᠭᠡ ᠶᠢᠨ ᠰᠤᠳᠤᠯᠤᠯ᠂ ᠦᠨᠳᠦᠰᠦᠲᠡᠨ ᠶᠠᠰᠤᠳᠠᠨ ᠤ ᠰᠤᠳᠤᠯᠤᠯ᠂ ᠵᠠᠩ ᠦᠢᠯᠡ ᠶᠢᠨ ᠰᠤᠳᠤᠯᠤᠯ ᠤᠨ ᠬᠠᠷᠠᠭᠠᠰᠤ ᠠᠴᠠ ᠮᠤᠩᠭᠤᠯ ᠤᠨ ᠦᠨᠳᠦᠷᠯᠢᠭ ᠤᠨ ᠡᠷᠳᠡᠨ ᠤ ᠤᠬᠰᠠᠭᠠᠳᠠᠳ ᠤᠨ ᠬᠦᠭᠵᠢᠯᠳᠡ ᠶᠢᠨ ᠵᠢᠮ᠎ᠡ ᠶᠤᠰᠤ᠂ ᠲᠡᠦᠭᠡ ᠶᠢᠨ ᠠᠬᠢᠴᠠ᠂ ᠰᠤᠶᠤᠯ ᠤᠨ ᠤᠯᠠᠮᠵᠢᠯᠠᠯ ᠢ ᠰᠢᠨᠵᠢᠯᠡᠨ ᠰᠤᠳᠤᠯᠬᠤ ᠶᠢᠨ ᠬᠠᠮᠳᠤ᠂ ᠦᠭᠡ ᠬᠡᠯᠡ᠂ ᠵᠠᠩ ᠦᠢᠯᠡ ᠪᠠ ᠠᠵᠤ ᠠᠬᠤᠢ ᠶᠢᠨ ᠬᠢᠨᠢ ᠠᠳᠠᠯᠢ ᠪᠤᠰᠤ ᠳᠠᠯ᠎ᠠ ᠪᠠᠷ ᠮᠤᠩᠭᠤᠯ ᠤᠨ ᠦᠨᠳᠦᠷᠯᠢᠭ ᠤᠨ ᠡᠷᠳᠡᠨ ᠤ ᠤᠭᠰᠠᠭᠠᠳᠠᠳ ᠢ ᠮᠤᠩᠭᠤᠯ᠂ ᠲᠦᠷᠺ᠂ ᠲᠠᠩᠭᠤᠳ ᠭᠤᠷᠪᠠᠨ ᠠᠶᠢᠮᠠᠭ ᠤᠭᠰᠠᠭ᠎ᠠ ᠬᠤᠪᠢᠶᠠᠵᠠᠢ᠃      ᠲᠤᠰ ᠪᠦᠳᠦᠭᠡᠯ ᠳᠤ ᠲᠤᠤᠷᠠᠬᠢ ᠮᠡᠳᠦ ᠶᠢᠨ ᠬᠡᠳᠦᠨ ᠰᠢᠨ᠎ᠡ ᠦᠵᠡᠯᠳᠡ ᠶᠢ ᠲᠤᠪᠤᠶᠢᠯᠭᠠᠪᠠ᠄ ᠨᠢᠭᠡ᠂ ᠮᠤᠩᠭᠤᠯ ᠤᠨ ᠦᠨᠳᠦᠷᠯᠢᠭ ᠤᠨ ᠡᠷᠲᠡᠨ ᠤ ᠠᠶᠢᠮᠠᠭ ᠤᠭᠰᠠᠭᠠᠳᠠᠳ ᠤᠨ ᠠᠮᠢᠳᠤᠷᠠᠯ ᠦᠢᠯᠡᠳᠪᠦᠷᠢᠯᠡᠯ᠂ ᠪᠡᠶ᠎ᠡ ᠮᠠᠬᠠᠪᠤᠳ᠂ ᠵᠠᠩ ᠤᠢᠢᠯᠡ᠂ ᠰᠤᠶᠤᠯ ᠵᠡᠷᠭᠡ ᠶᠢ ᠰᠤᠳᠤᠯᠵᠤ ︽ᠹᠠᠩ︾᠂ ︽ᠷᠦᠩ︾᠂ ︽ᠳ᠋ᠢ︾᠂ ︽ᠬᠦ︾᠂ ︽ᠲᠢᠶᠧ ᠯᠧ︾᠂ ︽ᠲᠠᠲ᠋ᠠᠷ︾ ᠵᠡᠷᠭᠡ ᠪᠤᠯ ᠮᠤᠩᠭᠤᠯ ᠤᠨ ᠦᠨᠳᠦᠷᠯᠢᠭ ᠤᠨ ᠤᠤᠯ ᠰᠠᠭᠤᠭᠠᠯᠢ ᠶᠢᠨ ᠠᠳᠠᠯᠢ ᠪᠤᠰᠤ ᠴᠠᠭ ᠦᠶ᠎ᠡ ᠳᠠᠬᠢ ᠠᠳᠠᠯᠢ ᠪᠤᠰᠤ ᠳᠠᠭᠤᠳᠠᠯᠭ᠎ᠠ ᠪᠤᠯᠤᠨ᠎ᠠ᠃ ᠬᠤᠶᠠᠷ᠂ ᠮᠤᠩᠭᠤᠯ ᠤᠨ ᠦᠨᠳᠦᠷᠯᠢᠭ ᠤᠨ ᠡᠷᠳᠡᠨ ᠤ ᠤᠭᠰᠠᠭᠠᠳᠠᠳ ᠤᠨ ᠨᠡᠭᠦᠳᠡᠯ ᠠᠮᠢᠳᠤᠷᠠᠯ ᠤᠨ ᠳᠤᠮᠳᠠᠬᠢ ᠳᠠᠰᠤᠷᠠᠯᠳᠠ ᠦᠭᠡᠢ ᠬᠦᠭᠵᠢᠨ ᠪᠠᠳᠠᠷᠠᠭᠰᠠᠨ ᠳᠡᠦᠭᠡ ᠶᠢᠨ ᠬᠦᠭᠵᠢᠯᠳᠡ ᠶᠢ ᠪᠢᠴᠢᠵᠤ᠂ ᠨᠡᠭᠦᠳᠡᠯ ᠦᠨᠳᠦᠰᠦᠲᠡᠨ ᠤ ᠦᠨᠳᠦᠰᠦᠲᠡᠨ ᠶᠠᠰᠤᠳᠠᠨ ᠬᠢᠬᠡᠳ ᠠᠶᠢᠮᠠᠭ ᠤᠭᠰᠠᠭ᠎ᠠ ᠪᠤᠯ ᠮᠤᠩᠭᠤᠯ ᠤᠨ ᠦᠨᠳᠦᠷᠯᠢᠭ ᠤᠨ ᠡᠷᠳᠡᠨ ᠤ ᠠᠶᠢᠮᠠᠭ ᠤᠭᠰᠠᠭᠠᠳᠠᠳ ᠤᠨ ᠠᠭᠤᠰᠤᠯᠴᠠᠯ ᠪᠤᠯᠤᠨ᠎ᠠ ᠬᠡᠳᠡᠭ ᠢ ᠨᠤᠳᠠᠯᠠᠵᠠᠢ᠃ ᠭᠤᠷᠪᠠ᠂ ᠮᠤᠩᠭᠤᠯ ᠤᠨ ᠦᠨᠳᠦᠷᠯᠢᠭ ᠤᠨ ᠡᠷᠲᠡᠨ ᠤ ᠤᠭᠰᠠᠭᠠᠳᠠᠳ ᠤᠨ ᠰᠠᠯᠵᠤ ᠨᠠᠶᠢᠯᠡᠬᠦ ᠂ ᠳᠠᠬᠢᠨ ᠰᠠᠯᠵᠤ᠂ ᠳᠠᠬᠢᠨ ᠨᠡᠶᠢᠯᠡᠬᠦ ᠬᠦᠭᠵᠢᠯᠳᠡ ᠶᠢᠨ ᠵᠢᠮ᠎ᠡ ᠶᠤᠰᠤ ᠶᠢ ᠰᠤᠳᠤᠯᠵᠤ᠂ ᠬᠦᠮᠦᠨ ᠲᠦᠷᠦᠯᠬᠢᠳᠡᠨ ᠤ ᠠᠵᠤ ᠠᠬᠤᠢ᠂ ᠰᠢᠨᠵᠢᠯᠡᠬᠦ ᠤᠬᠠᠭᠠᠨ᠂ ᠰᠤᠶᠤᠯ ᠤᠨ ᠲᠠᠶᠠᠭᠠᠷᠴᠢᠯᠠᠬᠰᠠᠨ ᠨᠢ ᠨᠡᠭᠦᠳᠡᠯ ᠠᠮᠢᠳᠤᠷᠠᠯ ᠤᠨ ᠠᠮᠢᠳᠤᠷᠠᠯ ᠦᠢᠯᠡᠳᠪᠦᠷᠢᠯᠠᠯ ᠠᠴᠠ ᠡᠬᠢ ᠡᠬᠦᠰᠦᠯ ᠲᠠᠢ ᠬᠡᠳᠡᠭ ᠦᠵᠡᠯᠳᠡ ᠶᠢ ᠲᠤᠷᠠᠳᠪᠠ᠃ ᠲᠦᠷᠪᠡ᠂ ᠮᠤᠩᠭᠤᠯ ᠤᠨ ᠦᠨᠳᠦᠷᠯᠢᠭ ᠤᠨ ᠡᠷᠳᠡᠨ ᠤ ᠤᠭᠰᠠᠭᠠᠳᠠᠳ ᠤᠨ ᠬᠤᠭᠤᠷᠤᠨᠳᠤᠬᠢ ᠠᠭᠤᠰᠤᠯᠴᠠᠯ ᠢᠶᠠᠷ ᠳᠠᠮᠵᠢᠨ ᠨᠡᠭᠦᠳᠡᠯ ᠰᠤᠶᠤᠯ ᠪᠤᠢ ᠪᠤᠯᠪᠠ ᠬᠡᠳᠡᠭ ᠢ ᠦᠬᠦᠯᠡᠨ ᠳᠤᠭᠠᠴᠢᠵᠠᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号