ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠮᠵᠢᠯᠠᠯᠲᠣ ᠭᠠᠷ ᠣᠷᠠᠯᠠᠯ ᠤᠨ ᠠᠵᠢᠯ ᠤᠨ ᠥᠷᠲᠡᠭᠡ ᠬᠦᠬᠡᠬᠤᠲᠠ ᠳᠤ ᠪᠠᠶᠢᠭᠤᠯᠣᠭᠳᠠᠪᠠ
ᠨᠡᠶᠢᠲᠡᠯᠡᠭᠰᠡᠨ ᠴᠠᠭ᠄
2018-06-20
        6 ᠰᠠᠷ᠎ᠠ ᠶᠢᠨ9 ᠪᠣᠯ ︽ᠰᠣᠶᠣᠯ ᠤᠨ  ᠪᠠ  ᠪᠠᠶᠢᠭᠠᠯᠢ   ᠶᠢᠨ  ᠦᠪ   ᠤᠨ  ᠡᠳᠦᠷ︾᠂ ᠥᠪᠦᠷ  ᠮᠣᠩᠭᠤᠯ  ‍ᠤᠨ‌ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠭᠤᠣᠯᠯᠠᠨ ᠡᠷᠬᠢᠯᠡᠭᠰᠡᠨ᠂ ᠥᠪᠦᠷ ᠮᠣᠩᠭᠤᠯ  ᠤᠨ ᠦᠵᠡᠬᠦᠯᠦᠯᠬᠡ  ᠵᠢᠨ‌ᠣᠷᠳᠣᠨ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠣᠨ ᠳᠣᠮᠳᠠᠳᠣ ᠬᠤᠰᠢᠭᠤᠨ   ᠠᠴᠠ  ᠲᠠᠭᠠᠭᠠᠴᠢᠯᠠᠨ  ᠡᠷᠬᠢᠯᠡᠭᠰᠡᠨ︽ᠭᠠᠷ ᠣᠷᠠᠯᠠᠯ ᠢᠶᠠᠨ ᠤᠯᠠᠮᠵᠢᠯᠠᠨ ᠵᠠᠯᠭᠠᠮᠵᠢᠯᠠᠵᠤ᠂ ᠰᠣᠶᠣᠯ ᠢᠶᠠᠷ ᠶᠠᠳᠠᠭᠤ ᠶᠢ ᠲᠡᠳᠬᠦᠬᠦ︾ ᠪᠠᠷ ᠭᠤᠣᠯ ᠰᠡᠳᠦᠪ  ᠪᠣᠯᠭᠠᠭᠰᠠᠨ‌‍ᠪᠣᠳᠠᠰ ᠤᠨ ᠪᠣᠰᠣ ᠰᠣᠶᠣᠯ ᠤᠨ ᠥᠪ ᠤᠨ ᠤᠬᠠᠭᠤᠯᠭ᠎ᠠ ᠶᠢᠨ ᠦᠵᠡᠬᠦᠯᠦᠯᠭᠡ ᠶᠢᠨ ᠰᠢᠷᠢᠰ ᠠᠵᠢᠯᠯᠠᠭ᠎ᠠ ᠥᠪᠦᠷ ᠮᠣᠩᠭᠤᠯ ‍ᠤᠨ‌ᠦᠵᠡᠬᠦᠯᠦᠯᠭᠡ ᠶᠢᠨ ᠣᠷᠳᠣᠨ ᠤ ᠣᠯᠠᠮᠵᠢᠯᠠᠯᠲᠣ ᠭᠠᠷ ᠣᠷᠠᠯᠠᠯ ᠤᠨ ᠣᠷᠳᠣᠨ ᠳᠤ ᠬᠦᠰᠢᠭᠡ ᠪᠠᠨ‌‍ᠰᠡᠬᠦᠪᠡ᠃ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠣᠨ ᠳᠣᠮᠳᠠᠳᠣ ᠬᠤᠰᠢᠭᠤᠨ   ᠤ 22 ᠬᠠᠳᠬᠤᠮᠠᠯᠴᠢᠨ  ᠪᠦᠰᠡᠬᠦᠶᠢᠴᠤᠳ ᠤᠨ ᠮᠣᠩᠭᠤᠯ‌ᠦᠨᠳᠦᠰᠦᠲᠡᠨ ᠤ ᠬᠠᠳᠬᠤᠮᠠᠯ  ᠤᠨ ᠪᠦᠲᠦᠭᠡᠯ ᠬᠦᠬᠡᠬᠤᠲᠠ ᠶᠢᠨ ᠣᠯᠠᠨ ᠲᠥᠮᠡᠨ ᠤ ᠬᠠᠷᠠᠴᠠ ᠶᠢ ᠪᠣᠯᠢᠶᠠᠨ᠎ᠠ᠃              ᠠᠵᠢᠯᠯᠠᠭᠠᠨ ᠤ ᠲᠠᠯᠠᠪᠠᠢ ᠳᠤ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠰᠣᠶᠣᠯ   ᠤᠨ  ᠲᠢᠩᠬᠢᠮ᠂ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠣᠨ ᠳᠣᠮᠳᠠᠳᠣ  ᠬᠤᠰᠢᠭᠤ᠂  ᠥᠪᠦᠷ  ᠮᠣᠩᠭᠤᠯ   ᠤᠨ  ᠦᠵᠡᠭᠦᠯᠦᠯᠭᠡ  ᠵᠢᠨ‌ᠣᠷᠳᠣᠨ ᠬᠠᠮᠳᠣᠪᠡᠷ ︽ᠰᠣᠶᠣᠯ ᠢᠶᠠᠷ ᠶᠠᠳᠠᠭᠤ ᠶᠢ ᠳᠡᠳᠬᠦᠬᠦ ᠬᠠᠮᠳᠣᠷᠠᠯᠴᠠᠭᠠᠨ ᠤ ᠭᠡᠷ᠎ᠡ︾ ᠳᠣᠭᠲᠠᠵᠣ᠂ ᠥᠪᠦᠷ ᠮᠣᠩᠭᠤᠯ  ‍ᠤᠨ‌‍ᠰᠣᠶᠣᠯ ᠤᠨ ᠲᠢᠩᠬᠢᠮ ᠥᠪᠦᠷ ᠮᠣᠩᠭᠤᠯ ᠤᠨ ᠦᠵᠡᠬᠦᠯᠦᠯᠭᠡ ᠶᠢᠨ ᠣᠷᠳᠣᠨ ᠢ ︽ᠥᠪᠦᠷ ᠮᠣᠩᠭᠤᠯ ᠤᠨ ᠥᠪᠡᠷᠲᠡᠭᠡᠨ ᠵᠠᠰᠠᠬᠤ‌ᠣᠷᠣᠨ ᠤ ᠣᠯᠠᠮᠵᠢᠯᠠᠯᠲᠣ ᠭᠠᠷ ᠣᠷᠠᠯᠠᠯ ᠤᠨ ᠠᠵᠢᠯ   ᠤᠨ ᠣᠷᠲᠡᠭᠡ︾  ᠭᠡᠵᠦ  ᠨᠡᠷᠡᠶᠢᠳᠦᠭᠰᠡᠨ  ᠪᠦᠭᠡᠳ  ᠬᠦᠬᠡᠬᠤᠲᠠ  ᠪᠠ‌ᠬᠤᠷᠴᠢᠨ ᠪᠠᠷᠠᠭᠤᠨ ᠭᠠᠷᠣᠨ ᠳᠣᠮᠳᠠᠳᠣ ᠬᠤᠰᠢᠭᠤ ᠳᠤ ᠲᠤᠰ ᠲᠤᠰ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠮᠵᠢᠯᠠᠯᠲᠣ ᠭᠠᠷ ᠣᠷᠠᠯᠠᠯ ᠤᠨ ᠠᠵᠢᠯ  ᠤᠨ ᠥᠷᠲᠡᠭᠡ ᠶᠢᠨ ᠬᠤᠪᠢᠶᠠᠷᠢ ᠥᠷᠲᠡᠭᠡ︾ ᠲᠣᠬᠢᠷᠠᠭᠤᠯᠪᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号