ᠢᠦᠶ ᠴᠢᠤᠸᠠᠨ ᠲᠣᠭᠤᠷᠢᠭ ᠤᠨ ᠳᠠᠩᠰᠠ ᠡᠪᠬᠡᠮᠡᠯ ᠤᠨ ᠲᠣᠪᠴᠢᠶ᠎ᠠ ᠳᠠᠩᠰᠠ ᠡᠪᠬᠡᠮᠡᠯ ᠤᠨ ᠤᠬᠠᠭᠤᠯᠭ᠎ᠠ ᠶᠢᠨ ᠦᠵᠡᠰᠬᠦᠯᠡᠩ ᠡᠷᠬᠢᠯᠡᠪᠡ
ᠨᠡᠶᠢᠲᠡᠯᠡᠭᠰᠡᠨ ᠴᠠᠭ᠄
2018-06-21
     ︽2018 ᠣᠨ ᠤ ᠪᠦᠬᠦ ᠬᠤᠲᠠ ᠶᠢᠨ ᠳᠠᠩᠰᠠ ᠡᠪᠬᠡᠮᠡᠯ ᠤᠨ ᠤᠬᠠᠭᠤᠯᠭ᠎ᠠ ᠵᠢᠨ‌ᠠᠵᠢᠯ ᠤᠨ ᠭᠤᠣᠯᠳᠠᠯᠭ᠎ᠠ︾ ᠶᠢᠨ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠨᠡ ᠵᠢᠯ ᠤᠨ ︽ᠣᠯᠠᠨ ᠤᠯᠤᠰ ᠤᠨ ᠳᠠᠩᠰᠠ ᠡᠪᠬᠡᠮᠡᠯ ᠤᠨ ᠡᠳᠦᠷ︾ ᠤᠨ ᠭᠤᠣᠯ ᠰᠡᠳᠦᠪ ︽ ᠲᠠᠩᠰᠠ ᠡᠪᠬᠡᠮᠡᠯ — ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠶᠢ ᠭᠡᠷᠡᠴᠢᠯᠡᠬᠦ︾ ᠪᠠᠷ ᠠᠭᠤᠯᠭ᠎ᠠ ᠪᠤᠯᠭᠠᠵᠤ᠂ 6 ᠳ᠋ᠤᠭᠠᠷ ᠰᠠᠷ᠎ᠠ ᠶᠢᠨ 10 — 6 ᠳ᠋ᠤᠭᠠᠷ ᠰᠠᠷ᠎ᠠ ᠶᠢᠨ 30 ᠪᠤᠯᠲᠠᠯ᠎ᠠ ᠢᠦᠶ ᠴᠢᠤᠸᠠᠨ ᠲᠣᠭᠤᠷᠢᠭ ᠤᠨ ᠳᠠᠩᠰᠠ ᠡᠪᠬᠡᠮᠡᠯ ᠤᠨ ᠲᠣᠪᠴᠢᠶ᠎ᠠ ᠳᠡᠯᠭᠡᠨ ᠦᠵᠡᠭᠦᠯᠬᠦ ᠰᠠᠮᠪᠠᠷ᠎ᠠ ᠶᠢᠨ ᠠᠷᠭ᠎ᠠ ᠬᠡᠯᠪᠡᠷᠢ ᠪᠠᠷ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠢᠭᠡᠳᠦᠭᠡᠷ ᠠᠰᠠᠷ ᠤᠨ ᠲᠢᠩᠬᠢᠮ   ᠳᠤ ᠳᠠᠩᠰᠠ ᠡᠪᠬᠡᠮᠡᠯ ᠤᠨ ᠤᠬᠠᠭᠤᠯᠭ᠎ᠠ ᠶᠢᠨ ᠦᠵᠡᠰᠬᠦᠯᠡᠩ  ᠡᠷᠬᠢᠯᠡᠨ᠎ᠡ᠃      ᠳᠡᠯᠭᠡᠨ ᠦᠵᠡᠭᠦᠯᠬᠦ ᠰᠠᠮᠪᠠᠷ᠎ᠠ ᠶᠢᠨ ᠠᠭᠤᠯᠭ᠎ᠠ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠩᠰᠠ ᠡᠪᠬᠡᠮᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠲᠦᠷᠢᠮ︾᠂ ᠪᠠᠰᠠ ᠮᠦᠽᠧᠶ ᠳᠤ ᠬᠠᠳᠠᠭᠠᠯᠠᠵᠤ ᠪᠠᠶᠢᠭ᠎ᠠ ᠬᠠᠭᠤᠴᠢᠨ ᠭᠡᠷᠡᠯ ᠵᠢᠷᠤᠭ᠂ ᠡᠯ᠎ᠡ ᠴᠠᠭ ᠦᠶ᠎ᠡ ᠶᠢᠨ ᠤᠷᠤᠭ ᠤᠨ ᠦᠨᠡᠮᠯᠡᠯ᠂ ᠲᠡᠦᠬᠡᠨ ᠮᠠᠲ᠋ᠧᠷᠢᠶᠠᠯ ᠢ ᠠᠰᠢᠭᠯᠠᠵᠤ ᠵᠢᠷᠤᠭ ᠦᠰᠦᠭ ᠲᠠᠢ ᠤᠬᠠᠭᠤᠯᠭ᠎ᠠ ᠶᠢᠨ ᠳᠡᠯᠭᠡᠨ ᠦᠵᠡᠭᠦᠯᠬᠦ ᠰᠠᠮᠪᠠᠷ᠎ᠠ ᠵᠤᠬᠢᠶᠠᠵᠤ᠂ ᠡᠭᠦᠨ ᠳᠤ ᠢᠦᠶ ᠴᠢᠤᠸᠠᠨ ᠲᠣᠭᠤᠷᠢᠭ ᠤᠨ ᠬᠤᠳᠠ ᠶᠢᠨ ᠣᠷᠴᠢᠨ ᠠᠬᠤᠶ ᠶᠢ ᠪᠦᠬᠦ ᠲᠠᠯ᠎ᠠ ᠪᠠᠷ ᠴᠡᠭᠴᠡᠯᠡᠨ ᠵᠠᠰᠠᠬᠤ — ᠬᠠᠭᠤᠴᠢᠨ ᠬᠤᠷᠢᠶᠠᠯᠠᠯ ᠢ ᠦᠭᠡᠷᠡᠴᠢᠯᠡᠨ ᠵᠠᠰᠠᠭᠰᠠᠨ ᠰᠢᠨ᠎ᠡ ᠬᠠᠭᠤᠴᠢᠨ ᠢ ᠬᠠᠷᠢᠴᠠᠭᠤᠯᠤᠭᠰᠠᠨ ᠵᠢᠷᠤᠭ᠂ 40 ᠵᠢᠯ ᠤᠨ ᠤᠷᠤᠭ ᠤᠨ ᠦᠨᠡᠮᠯᠡᠯ ᠤᠨ ᠬᠤᠪᠢᠰᠤᠯᠲᠠ ᠶᠢᠨ ᠬᠠᠷᠢᠴᠠᠭᠤᠯᠤᠭᠰᠠᠨ ᠵᠢᠷᠤᠭ ᠵᠢᠴᠢ ᠢᠦᠶ ᠴᠢᠤᠸᠠᠨ ᠲᠣᠭᠤᠷᠢᠭ ᠤᠨ ᠣᠨᠴᠠᠯᠢᠭ ᠪᠥᠬᠦᠢ ᠪᠠᠷᠢᠯᠭ᠎ᠠ᠂ ᠵᠡᠭᠡᠯᠢ ᠭᠤᠳᠤᠮᠵᠢ ᠶᠢᠨ  ᠬᠠᠷᠢᠴᠠᠭᠤᠯᠤᠭᠰᠠᠨ ᠵᠢᠷᠤᠭ ᠵᠡᠷᠭᠡ ᠪᠠᠶᠢᠵᠣ᠂ ᠢᠦᠶ ᠴᠢᠤᠸᠠᠨ ᠲᠣᠭᠤᠷᠢᠭ ᠤᠨ ᠬᠥᠭᠵᠢᠯᠲᠡ ᠶᠢᠨ ᠲᠡᠦᠬᠡ ᠪᠠ ᠥᠭᠡᠷᠡᠴᠢᠯᠡᠯᠲᠡ ᠨᠡᠭᠡᠭᠡᠯᠲᠡ ᠶᠢᠨ ᠦᠷ᠎ᠡ ᠪᠦᠲᠦᠮᠵᠢ ᠵᠢᠴᠢ ᠢᠦᠶ ᠴᠢᠤᠸᠠᠨ ᠤ ᠰᠣᠶᠣᠯ ᠢ  ᠲᠡᠮᠳᠡᠭᠯᠡᠵᠡᠢ᠃ ᠲᠤᠰ ᠤᠳᠠᠭᠠᠨ ᠤ ᠦᠵᠡᠰᠭᠦᠯᠡᠩ ᠢᠶᠠᠷ ᠳᠠᠮᠵᠢᠭᠤᠯᠤᠨ ᠲᠣᠭᠤᠷᠢᠭ ᠤᠨ ᠡᠯ᠎ᠡ ᠬᠠᠷᠢᠶ᠎ᠠ ᠪᠠᠶᠢᠭᠤᠯᠭ᠎ᠠ ᠶᠢᠨ ᠠᠵᠢᠯᠲᠠᠨ ᠪᠣᠯᠤᠨ ᠠᠯᠪᠠᠨ ᠠᠵᠢᠯᠲᠠᠨ ᠤ ᠳᠠᠩᠰᠠ ᠡᠪᠬᠡᠮᠡᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠ ᠢᠦᠶ ᠴᠢᠤᠸᠠᠨ ᠤ ᠰᠣᠶᠣᠯ ᠤᠨ ᠲᠤᠬᠠᠢ ᠤᠶᠢᠯᠠᠭᠠᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠡᠭᠦᠨ ᠤ ᠬᠠᠮᠲᠤ ᠲᠡᠦᠬᠡ ᠶᠢᠨ ᠦᠯᠡᠳᠡᠭᠳᠡᠯ ᠢ ᠰᠠᠬᠢᠨ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠬᠦᠭᠵᠢᠭᠡᠵᠡᠢ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号