6 ᠳ᠋ᠤᠭᠠᠷ ᠰᠠᠷ᠎ᠠ ᠶᠢᠨ19 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠵᠠᠩ ᠱᠤᠤ ᠴᠦᠨ ᠨᠠᠷ ᠬᠤᠷᠢᠨᠭᠡᠷ ᠰᠢᠶᠠᠨ ᠳᠤ ᠬᠦᠷᠴᠦ᠂ ᠬᠦᠬᠡᠬᠤᠲᠠ ᠶᠢᠨ ᠲᠥᠪ ᠤᠨ ᠣᠷᠴᠢᠨ | ᠬᠠᠮᠠᠭᠠᠯᠠᠯᠲᠠ ᠶᠢᠨ ᠰᠢᠮᠳᠠᠭᠤᠯᠣᠨ ᠪᠠᠶᠢᠴᠠᠭᠠᠵᠣ ᠳᠣᠰᠬᠠᠭᠰᠠᠨ ᠭᠤᠣᠯᠳᠠᠯᠭ᠎ᠠ ᠲᠠᠢ ᠣᠷᠴᠢᠨ ᠬᠠᠮᠠᠭᠠᠯᠠᠯᠲᠠ ᠶᠢᠨ | ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠳᠤ ᠰᠢᠮᠳᠠᠭᠤᠯᠣᠨ ᠵᠢᠯᠣᠭᠤᠳᠴᠣ ᠪᠠᠶᠢᠴᠠᠭᠠᠯᠲᠠ ᠬᠢᠪᠡ᠃ | ᠵᠠᠩ ᠱᠤᠤ ᠴᠦᠨ ᠨᠠᠷ ᠬᠤᠷᠢᠨᠭᠡᠷ ᠰᠢᠶᠠᠨ ᠤ ᠣᠣ ᠪᠥᠸᠧ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠲᠣ | ᠺᠣᠮᠫᠠᠨᠢ ᠳᠤ ᠬᠦᠷᠴᠦ᠂ ᠠᠵᠣ ᠠᠬᠤᠶᠢᠯᠠᠯ ᠤᠨ ᠣᠷᠴᠢᠨ ᠬᠠᠮᠠᠭᠠᠯᠠᠯᠲᠠ ᠶᠢᠨ ᠠᠰᠠᠭᠤᠳᠠᠯ ᠤᠨ ᠴᠡᠭᠴᠡᠯᠡᠨ ᠵᠠᠰᠠᠭᠰᠠᠨ | ᠠᠵᠢᠯ ᠤᠨ ᠥᠷᠨᠢᠭᠦᠯᠦᠭᠰᠡᠨ ᠪᠠᠶᠢᠳᠠᠯ ᠢ ᠨᠠᠷᠢᠯᠢᠭ ᠠᠰᠠᠭᠤᠨ᠂ ᠠᠵᠣ ᠠᠬᠤᠶᠢᠯᠠᠯ ᠤᠨ ᠡᠳ᠋ ᠪᠤᠳᠠᠰ ᠮᠠᠲ᠋ᠧᠷᠢᠶᠠᠯ ᠤᠨ | ᠬᠠᠳᠠᠭᠠᠯᠠᠯᠲᠠ᠂ ᠲᠠᠯᠠᠪᠣᠷ ᠤᠨ ᠬᠠᠲᠠᠭᠤᠷᠠᠭᠤᠯᠣᠯᠲᠠ᠂ ᠲᠦᠬᠦᠭᠡᠷᠦᠮᠵᠢ ᠶᠢᠨ ᠥᠭᠡᠷᠡᠴᠢᠯᠡᠨ ᠰᠠᠶᠢᠵᠢᠷᠠᠭᠤᠯᠣᠯᠲᠠ᠂ | ᠭᠦᠸᠧᠯᠦ ᠶᠢᠨ ᠥᠭᠡᠷᠡᠴᠢᠯᠡᠨ ᠰᠠᠶᠢᠵᠢᠷᠠᠭᠤᠯᠣᠯᠲᠠ ᠵᠢᠴᠢ ᠬᠦᠢᠲᠡᠨ ᠣᠰᠣᠨ ᠤ ᠰᠢᠰᠲ᠋ᠧᠮ ᠤᠨ ᠥᠭᠡᠷᠡᠴᠢᠯᠡᠨ | ᠰᠠᠶᠢᠵᠢᠷᠠᠭᠤᠯᠣᠭᠰᠠᠨ ᠪᠠᠶᠢᠳᠠᠯ ᠢ ᠲᠣᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠵᠠᠩ ᠱᠤᠤ ᠴᠦᠨ ᠰᠢᠮᠳᠠᠭᠤᠯᠣᠨ ᠵᠢᠯᠣᠭᠤᠳᠣᠯᠭ᠎ᠠ ᠶᠢᠨ ᠳᠣᠮᠳᠠ ᠴᠢᠩᠭᠠᠳᠬᠠᠭᠰᠠᠨ ᠨᠢ᠂ ᠠᠵᠣ | ᠠᠬᠤᠶᠢᠯᠠᠯ ᠤᠨ ᠴᠡᠭᠴᠡᠯᠡᠨ ᠵᠠᠰᠠᠬᠤ ᠠᠷᠭ᠎ᠠ ᠠᠪᠴᠠᠯ ᠵᠠᠪᠠᠯ ᠳᠦᠷᠢᠮᠵᠢᠵᠦ᠂ ᠪᠠᠷᠢᠮᠵᠢᠶᠠᠵᠢᠭᠰᠠᠨ ᠪᠠᠶᠢᠵᠣ᠂ | ᠦᠢᠯᠡᠳᠪᠦᠷᠢᠯᠡᠯ ᠤᠨ ᠶᠠᠪᠣᠴᠠ ᠳᠣᠮᠳᠠᠬᠢ ᠲᠣᠭᠤᠰᠣ ᠰᠢᠷᠣᠢ ᠶᠢᠨ ᠪᠣᠬᠢᠷᠳᠣᠯ ᠪᠣᠯᠣᠨ ᠱᠤᠤᠭᠢᠶ᠎ᠠ ᠳᠠᠭᠤ ᠠᠷᠠᠳ ᠢ | ᠨᠦᠯᠦᠭᠡᠯᠡᠬᠦ ᠠᠴᠠ ᠵᠠᠶᠢᠯᠠᠰᠬᠢᠬᠤ ᠬᠡᠷᠡᠭᠲᠡᠢ︔ ᠴᠡᠭᠴᠡᠯᠡᠨ ᠵᠠᠰᠠᠬᠤ ᠠᠵᠢᠯ ᠵᠠᠪᠠᠯ ᠪᠦᠬᠦ ᠲᠠᠯ᠎ᠠ ᠪᠠᠷ ᠱᠠᠭᠠᠷᠳᠠᠯᠭ᠎ᠠ ᠳᠤ | ᠬᠦᠷᠴᠦ᠂ ᠣᠯᠠᠨ ᠲᠦᠮᠡᠨ ᠤ ᠳᠣᠰᠬᠠᠵᠣ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠵᠣ᠂ ᠣᠯᠠᠨ ᠲᠦᠮᠡᠨ ᠤ | ᠳᠣᠰᠬᠠᠭᠠ ᠦᠭᠡᠢ ᠠᠰᠠᠭᠤᠳᠠᠯ ᠢ ᠴᠦ ᠲᠣᠰ ᠪᠡᠶ᠎ᠡ ᠶᠢᠨ ᠪᠠᠶᠢᠴᠠᠭᠠᠯᠲᠠ ᠪᠠᠷ ᠳᠠᠮᠵᠢᠵᠣ ᠴᠡᠭᠴᠡᠯᠡᠨ ᠵᠠᠰᠠᠬᠤ ᠬᠡᠷᠡᠭᠲᠡᠢ | ︔ ᠬᠤᠯᠪᠣᠭᠳᠠᠯ ᠪᠦᠬᠦᠢ ᠰᠠᠯᠠᠭ᠎ᠠ ᠮᠦᠴᠢᠷ ᠵᠠᠪᠠᠯ ᠴᠠᠭ ᠲᠣᠬᠠᠢ ᠳᠤᠨᠢ ᠬᠢᠨᠠᠯᠲᠠ ᠬᠠᠮᠢᠶᠠᠷᠣᠯᠲᠠ ᠬᠢᠵᠦ᠂ ᠲᠥᠪ ᠤᠨ | ᠣᠷᠴᠢᠨ ᠬᠠᠮᠠᠭᠠᠯᠠᠯᠲᠠ ᠶᠢᠨ ᠰᠢᠮᠳᠠᠭᠤᠯᠣᠨ ᠪᠠᠶᠢᠴᠠᠭᠠᠵᠣ ᠳᠣᠰᠬᠠᠭᠰᠠᠨ ᠰᠠᠨᠠᠯ ᠢᠶᠠᠷ ᠴᠡᠭᠴᠡᠯᠡᠨ ᠵᠠᠰᠠᠬᠤ ᠲᠣᠬᠢᠶᠠᠯ ᠢ | ᠠᠳᠬᠤᠨ᠂ ᠠᠰᠠᠭᠤᠳᠠᠯ ᠢ ᠵᠠᠳᠠᠯᠣᠨ ᠡᠬᠢ ᠰᠣᠷᠪᠣᠯᠵᠢ ᠠᠴᠠ ᠨᠢ ᠡᠷᠢᠯᠬᠢᠯᠡᠵᠦ᠂ ᠴᠡᠭᠴᠡᠯᠡᠨ ᠵᠠᠰᠠᠭᠰᠠᠨ ᠠᠮᠵᠢᠯᠲᠠ | ᠲᠠᠢ ᠲᠣᠷᠰᠢᠯᠭ᠎ᠠ ᠶᠢ ᠬᠤᠷᠢᠶᠠᠩᠭᠤᠶᠢᠯᠠᠨ᠂ ᠣᠷᠲᠣ ᠬᠤᠭᠤᠴᠠᠭᠠᠨ ᠤ ᠲᠣᠭᠲᠠᠴᠠ ᠶᠢ ᠪᠠᠶᠢᠭᠤᠯᠣᠨ ᠪᠦᠷᠢᠨᠰᠢᠭᠦᠯᠵᠦ᠂ | ᠬᠤᠲᠠ ᠬᠦᠳᠡᠭᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ︔ | ᠣᠯᠠᠨ ᠲᠦᠮᠡᠨ ᠤ ᠠᠵᠢᠯ ᠢ ᠰᠠᠶᠢᠲᠣᠷ ᠬᠢᠵᠦ᠂ ᠣᠶᠢᠷ᠎ᠠ ᠬᠠᠪᠢ ᠶᠢᠨ ᠲᠣᠰᠬᠤᠨ ᠤ ᠠᠷᠠᠳ ᠤᠨ ᠬᠢᠨᠠᠯᠲᠠ ᠶᠢ | ᠬᠦᠯᠢᠶᠡᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠳᠠᠷᠣᠣ ᠬᠢᠴᠢᠶᠡᠩᠭᠦᠢ ᠰᠣᠨᠣᠰᠬᠤ ᠬᠡᠷᠡᠭᠲᠡᠢ ᠭᠡᠵᠡᠢ᠃ | ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ | ᠡᠷᠬᠢᠯᠡᠭᠴᠢ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠸᠧᠢ ᠯᠢᠶᠠᠩ᠂ ᠳᠡᠳ᠋ ᠬᠤᠲᠠ ᠶᠢᠨ ᠳᠠᠷᠤᠭ᠎ᠠ ᠪᠢ | ᠭᠦᠸᠧ ᠴᠧᠨ᠂ ᠰᠢᠶᠠᠨ ᠤ ᠳᠡᠳ᠋ ᠳᠠᠷᠤᠭ᠎ᠠ ᠾᠧ ᠹᠧᠩ ᠵᠢᠴᠢ ᠬᠤᠲᠠ ᠰᠢᠶᠠᠨ ᠤ ᠬᠤᠯᠪᠣᠭᠳᠠᠯ ᠪᠦᠬᠦᠢ ᠰᠠᠯᠠᠭ᠎ᠠ | ᠮᠦᠴᠢᠷ ᠤᠨ ᠬᠠᠷᠢᠭᠤᠴᠠᠯᠭᠠᠲᠠᠳ ᠪᠠᠷ᠎ᠠ ᠪᠣᠯᠪᠠ᠃ |