ᠶᠦᠨ ᠬᠠᠢ ᠬᠠᠷᠠᠭᠤᠯ ᠪᠠᠯᠭᠠᠰᠤᠨ ᠳᠤ ᠭᠦᠨᠵᠡᠭᠡᠶᠢᠷᠡᠵᠤ ᠲᠤᠰᠬᠤᠨ ᠤ《ᠬᠤᠶᠠᠷ ᠵᠦᠪᠯᠡᠯ》 ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠢ ᠪᠠᠶᠢᠴᠠᠭᠠᠨ ᠰᠣᠳᠤᠯᠵᠤ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2018-06-21
     6 ᠳ᠋ᠤᠭᠠᠷ ᠰᠠᠷ᠎ᠠ ᠶᠢᠨ15 ᠤ ᠡᠳᠤᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠬᠠᠷᠠᠭᠤᠯ ᠪᠠᠯᠭᠠᠰᠤᠨ ᠤ ᠬᠡᠭᠡᠨᠴᠢᠷ ᠲᠤᠰᠬᠤᠨ ᠳᠤ ᠭᠦᠨᠵᠡᠭᠡᠶᠢᠷᠡᠵᠤ ᠲᠤᠰᠬᠤᠨ ᠤ《 ᠬᠤᠶᠠᠷ ᠵᠦᠪᠯᠡᠯ 》 ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠢ ᠵᠢᠭᠠᠨ ᠵᠢᠯᠤᠭᠤᠳᠪᠠ᠃      ᠶᠦᠨ ᠬᠠᠢ ᠪᠠᠶᠢᠴᠠᠭᠠᠨ ᠰᠣᠳᠤᠯᠤᠯᠲᠠ ᠳᠣᠮᠳᠠ ᠴᠢᠬᠤᠯᠠᠴᠢᠯᠠᠭᠰᠠᠨ ᠨᠢ᠂ ᠰᠢᠯᠢᠳᠡᠭ ᠢ ᠨᠢ ᠰᠤᠩᠭᠤᠵᠤ ᠲᠤᠰᠬᠤᠨ ᠤ《 ᠬᠤᠶᠠᠷ ᠵᠦᠪᠯᠡᠯ》 ᠤᠨ ᠪᠠᠭ ᠢ ᠬᠦᠴᠦᠷᠬᠡᠭᠵᠢᠭᠦᠯᠬᠦ ᠨᠢ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠨᠳᠦᠰᠦᠨ ᠱᠠᠲᠤᠨ ᠳᠤ ᠰᠤᠩᠭᠠᠬᠤ ᠶᠢ ᠠᠬᠢᠭᠤᠯᠬᠤ ᠴᠢᠬᠤᠯᠠ ᠰᠢᠪᠲᠤᠯᠤᠯᠲᠠ᠂ ᠬᠦᠴᠢᠷ ᠢ ᠲᠤᠭᠤᠯᠵᠤ ᠪᠡᠷᠬᠡ ᠶᠢ ᠳᠠᠪᠠᠭ᠋ᠤ ᠦᠨᠳᠦᠰᠦᠨ ᠱᠠᠲᠤᠨ ᠤ ᠳᠠᠶᠢᠴᠢᠨ ᠪᠠᠬᠢᠯᠡᠯᠲᠡ ᠶᠢ ᠪᠠᠶᠢᠭᠤᠯᠬᠤ ᠴᠢᠬᠤᠯᠠ ᠠᠷᠭ᠎ᠠ ᠠᠪᠴᠠᠯ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠵᠢᠨ‌ᠦᠨᠳᠦᠰᠦᠨ ᠱᠠᠲᠤᠨ ᠳᠤ ᠪᠥᠲᠦᠮᠵᠢᠲᠠᠢ ᠲᠤᠤᠱᠠᠯᠠᠭᠳᠠᠨ ᠨᠠᠶᠢᠳᠠᠪᠤᠷᠢᠵᠢᠬᠤ ᠶᠢ ᠠᠬᠢᠭᠤᠯᠬᠤ ᠴᠢᠬᠤᠯᠠ ᠪᠠᠲᠤᠯᠠᠭ᠎ᠠ ᠮᠦᠨ᠃《 ᠬᠤᠶᠠᠷ ᠵᠦᠪᠯᠡᠯ》 ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠬᠦ ᠨᠢ ᠨᠠᠮ ᠤᠨ ᠵᠠᠰᠠᠭ ᠶᠠᠪᠤᠭᠤᠯᠬᠤ ᠰᠠᠭᠤᠷᠢ ᠶᠢ ᠪᠠᠬᠢᠵᠢᠭᠦᠯᠬᠦ᠂ ᠲᠠᠷᠢᠶᠠᠴᠢᠨ ᠣᠯᠠᠨ ᠲᠦᠮᠡᠨ ᠤ ᠠᠷᠠᠳ ᠤᠨ ᠠᠮᠢᠳᠤᠷᠠᠯ ᠤᠨ ᠪᠤᠶᠠᠨ ᠬᠡᠰᠢᠭ᠂ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠤᠨ ᠪᠠᠬᠢᠵᠢᠬᠦ ᠡᠰᠡᠬᠦ ᠪᠠ ᠣᠯᠠᠮ ᠴᠢᠨᠠᠭᠰᠢᠲᠠ ᠦᠷᠭᠡᠵᠢᠬᠦ ᠡᠰᠡᠬᠦ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠶᠡᠷᠦᠩᠬᠡᠢ ᠪᠠᠶᠢᠳᠠᠯ ᠤᠨ ᠲᠤᠭᠲᠠᠭᠤᠨ ᠲᠠᠢ ᠬᠤᠯᠪᠤᠭᠳᠠᠨ᠎ᠠ ᠭᠡᠪᠡ᠃      ᠶᠦᠨ ᠬᠠᠢ ᠱᠠᠭᠠᠷᠳᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠵᠤ᠂ ᠣᠨᠴᠠᠭᠠᠶᠢᠯᠠᠨ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠭᠤᠣᠯ ᠴᠣᠭᠴᠠ‌‍ᠶᠢᠨ ᠬᠠᠷᠢᠭᠤᠴᠠᠯᠭ᠎ᠠ ᠪᠠᠨ ᠪᠠᠳᠠᠷᠠᠭᠤᠯᠵᠤ᠂ ᠲᠤᠰᠬᠤᠨ ᠤ《 ᠬᠤᠶᠠᠷ ᠵᠦᠪᠯᠡᠯ》 ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠳᠠᠬᠢ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠣᠯᠤᠰ ᠲᠥᠷᠦ ᠶᠢᠨ ᠳᠠᠪᠠᠭᠤᠯᠢᠭ ᠪᠠ ᠵᠠᠩᠭᠢᠯᠠᠭ᠎ᠠ ᠶᠢ ᠠᠳᠬᠤᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠤᠨ ᠭᠤᠤᠯᠯᠠᠬᠤ ᠡᠷᠬᠡ ᠶᠢ ᠴᠢᠩᠭ᠎ᠠ ᠠᠳᠬᠤᠵᠤ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠵᠥᠪ ᠴᠢᠭᠯᠡᠯ ᠢ ᠪᠠᠲᠤᠯᠠᠬᠤ ᠬᠡᠷᠡᠭᠲᠠᠢ᠃ ᠤᠯᠤᠰ ᠲᠥᠷᠦ ᠶᠢᠨ ᠵᠤᠭᠰᠤᠴᠠ ᠪᠠᠨ ᠦᠨᠳᠦᠷᠵᠢᠭᠦᠯᠦᠨ᠂ ᠤᠯᠤᠰ ᠲᠥᠷᠦ ᠶᠢᠨ ᠵᠤᠭᠰᠤᠯᠲᠠ ᠪᠠᠨ ᠪᠠᠳᠤᠳᠬᠠᠵᠤ᠂ ᠨᠠᠮ ᠤᠨ ᠲᠥᠪ  ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠨᠢᠭᠡᠳᠦᠯᠲᠠᠢ  ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠤᠨ ᠡᠯ᠎ᠡ ᠵᠦᠢᠯ ᠤᠨ ᠲᠥᠷᠦ ᠶᠢᠨ ᠪᠣᠳᠤᠯᠭ᠎ᠠ ᠪᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂《 ᠬᠤᠶᠠᠷ ᠵᠦᠪᠯᠡᠯ》 ᠤᠨ ᠬᠤᠭᠤᠴᠠᠭ᠎ᠠ ᠰᠣᠯᠢᠬᠤ ᠰᠤᠩᠭᠤᠭᠤᠯᠢ ᠵᠢᠨ‌ᠡᠭᠦᠷᠭᠡ ᠶᠢ ᠦᠨᠳᠦᠷ ᠪᠠᠷᠢᠮᠵᠢᠶ᠎ᠠ ᠪᠠᠷ ᠴᠢᠨᠠᠷᠯᠢᠭ ᠪᠡᠶᠡᠯᠡᠭᠦᠯᠬᠦ ᠬᠡᠷᠡᠭᠲᠠᠢ᠃ ᠬᠤᠭᠤᠴᠠᠭ᠎ᠠ ᠰᠣᠯᠢᠬᠤ ᠰᠤᠩᠭᠤᠭᠤᠯᠢ ᠶᠢᠨ ᠶᠠᠪᠤᠴᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠠᠯᠤᠰ ᠬᠡᠳᠤ ᠶᠢᠨ ᠬᠥᠭᠵᠢᠯᠲᠡ ᠪᠠ ᠺᠠᠳ᠋ᠷ ‍ᠤᠨ‌ᠡᠩᠨᠡᠭᠡ ᠶᠢᠨ ᠪᠥᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠠᠩᠬᠠᠷᠴᠤ᠂ ᠨᠦᠬᠦᠴᠡᠯ ᠪᠠᠷᠢᠮᠵᠢᠶ᠎ᠠ ᠪᠠᠨ ᠴᠢᠩᠭᠠᠳᠬᠠᠵᠤ᠂ ᠬᠠᠤᠯᠢ ᠴᠠᠭᠠᠵᠠ ᠳᠦᠷᠢᠮ ᠲᠤᠭᠲᠠᠭᠠᠯ ᠶᠤᠰᠤᠭᠠᠷ ᠠᠵᠢᠯᠯᠠᠵᠤ᠂ ᠰᠠᠶᠢᠨ  ᠺᠠᠳ᠋ᠷ ᠢ ᠰᠤᠩᠭᠤᠨ ᠪᠠᠭ ᠢᠶᠠᠨ ᠬᠦᠴᠦᠷᠬᠡᠭᠵᠢᠭᠦᠯᠵᠤ᠂ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠶᠢ ᠦᠨᠡᠨᠬᠦ ᠪᠠᠲᠤ ᠪᠠᠬᠢ ᠲᠠᠶᠢᠴᠢᠨ ᠪᠠᠬᠢᠯᠡᠯᠲᠡ ᠪᠤᠯᠭᠠᠨ ᠪᠦᠲᠦᠭᠡᠨ ᠪᠠᠶᠢᠭᠤᠯᠬᠤ ᠬᠡᠷᠡᠭᠲᠠᠢ᠃ ᠬᠤᠭᠤᠴᠠᠭ᠎ᠠ ᠰᠣᠯᠢᠬᠤ ᠰᠤᠩᠭᠤᠭᠤᠯᠢ ᠶᠢᠨ ᠰᠠᠬᠢᠯᠭ᠎ᠠ ᠪᠠᠲᠤ ᠶᠢ ᠴᠢᠩᠭ᠎ᠠ ᠲᠤᠳᠤᠷᠬᠠᠢ ᠪᠤᠯᠭᠠᠵᠤ᠂ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠵᠤ᠂ ᠰᠡᠷᠡᠮᠵᠢᠯᠡᠯ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠵᠤ᠂ ᠰᠤᠩᠭᠤᠭᠤᠯᠢ ᠶᠢᠨ ᠬᠡᠪ ᠰᠤᠷᠲᠠᠯ ᠢ ᠴᠢᠩᠭᠠᠳᠬᠠᠬᠤ ᠶᠢ ᠬᠤᠭᠤᠴᠠᠭ᠎ᠠ ᠰᠤᠯᠢᠬᠤ ᠠᠵᠢᠯ ᠤᠨ ᠪᠦᠬᠦ ᠶᠠᠪᠤᠴᠠ ᠳᠤ ᠲᠤᠤᠱᠠᠯᠠᠭᠤᠯᠤᠨ ᠲᠡᠮᠦᠷ ᠮᠡᠲᠦ ᠰᠠᠬᠢᠯᠭ᠎ᠠ ᠪᠠᠲᠤ ᠪᠠᠷ ᠬᠤᠭᠤᠴᠠᠭ᠎ᠠ ᠰᠣᠯᠢᠬᠤ ᠠᠵᠢᠯ ᠤᠨ ᠣᠪᠤᠷ ᠰᠤᠷᠲᠠᠯ ᠲᠥᠪ ᠴᠢᠭᠡᠴᠢ ᠪᠠᠶᠢᠬᠤ ᠶᠢ ᠪᠠᠲᠤᠯᠠᠬᠤ ᠬᠡᠷᠡᠭᠲᠠᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号