ᠴᠢᠩ ᠱᠦᠢ ᠾᠧ ᠰᠢᠶᠠᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠤ ᠬᠦᠴᠦ ᠨᠡᠮᠡᠷᠢᠯᠡᠬᠦ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-06-21
     6 ᠳ᠋ᠤᠭᠠᠷ ᠰᠠᠷ᠎ᠠ ᠶᠢᠨ 20 ᠤ ᠡᠳᠦᠷ᠂ ᠮᠠᠨ ᠤ ᠰᠢᠶᠠᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠤ ᠬᠦᠴᠦ ᠨᠡᠮᠡᠷᠢᠯᠡᠬᠦ ᠶᠡᠭᠡ ᠬᠤᠷᠠᠯ ᠢ ᠬᠤᠷᠠᠯᠳᠤᠭᠤᠯᠪᠠ᠃      ᠵᠠᠩ ᠺᠧ ᠯᠢᠩ᠂ ᠯᠢᠦ ᠢᠦ ᠼᠦᠨ᠂ ᠶᠦᠨ ᠴᠢᠶᠣᠤ ᠳᠠᠩ᠂ ᠯᠢ ᠵᠢᠶᠦ᠋ᠨ᠂ ᠳ᠋ᠦᠸᠧ ᠬᠤᠸᠠ ᠰᠢᠶᠦ᠋ᠩ ᠵᠡᠷᠭᠡ ᠰᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠪᠠ᠃      ᠬᠤᠲᠠ ᠶᠢᠨ ᠨᠠᠮ ᠤᠨ ᠬᠤᠷᠢᠶ᠎ᠠ ᠠᠴᠠ ᠴᠢᠩ ᠱᠦᠢ ᠾᠧ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠰᠢᠮᠳᠠᠭᠤᠯᠤᠨ ᠵᠢᠯᠭᠤᠳᠬᠤ ᠳᠤᠭᠤᠶᠢᠯᠠᠩ ᠤᠨ ᠳᠠᠷᠤᠭ᠎ᠠ ᠸᠠᠩ ᠰᠢᠨ ᠾᠸᠦ ᠤᠷᠢᠯᠭ᠎ᠠ ᠪᠠᠷ ᠬᠤᠷᠠᠯ ᠳᠤ ᠬᠦᠷᠴᠦ ᠵᠢᠯᠣᠭᠤᠳᠪᠠ᠃      ᠰᠢᠶᠠᠨ ᠤ ᠨᠠᠮ ᠤᠨ ᠬᠤᠷᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠰᠢᠶᠠᠨ ᠤ ᠡᠪᠯᠡᠯ ᠤᠨ ᠡᠭᠦᠷ᠂ ᠡᠮᠡᠭᠲᠡᠶᠢᠴᠦᠳ ᠤᠨ ᠬᠤᠯᠪᠤᠭ᠎ᠠ᠂ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ  ᠬᠢᠨ ᠤ ᠬᠤᠯᠪᠣᠭ᠎ᠠ᠂ ᠡᠯ᠎ᠡ ᠰᠢᠶᠠᠩ ᠪᠠᠯᠭᠠᠰᠤ᠂ ᠰᠢᠶᠠᠨ ᠤ ᠵᠥᠪᠯᠡᠯ ᠠᠯᠪᠠᠨ ᠭᠡᠷ ᠲᠣᠪᠴᠢᠶ᠎ᠠ ᠶᠢᠨ ᠶᠠᠳᠠᠭᠤ ᠶᠢ ᠲᠡᠳᠬᠦᠬᠦ ᠠᠵᠢᠯ ᠢ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠰᠢᠶᠠᠨ ᠤ ᠳᠡᠳ᠋ ᠳᠠᠷᠤᠭ᠎ᠠ ᠶᠦᠨ ᠴᠢᠶᠣᠤ ᠳᠠᠩ ᠠᠴᠠ ︽ᠴᠢᠩ ᠱᠦᠢ ᠾᠧ ᠰᠢᠶᠠᠨ ᠤ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠤ ᠬᠦᠴᠦ ᠨᠡᠮᠡᠷᠢᠯᠡᠬᠦ ᠬᠡᠷᠡᠭᠵᠢᠭᠦᠯᠬᠦ ᠰᠠᠨᠠᠯ︾ ᠢ ᠤᠩᠰᠢᠨ ᠨᠡᠶᠢᠲᠡᠯᠡᠵᠦ᠂ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠭᠦᠸᠧ ᠴᠢᠶᠣᠣ ᠯᠢᠩ᠂ ᠰᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠵᠸᠦ ᠭᠠᠩ᠂ ᠰᠢᠶᠠᠨ ᠤ ᠵᠡᠮᠳᠡᠭᠴᠦᠳ ᠤᠨ ᠬᠤᠯᠪᠤᠭ᠎ᠠ ᠶᠢᠨ ᠬᠡᠷᠡᠭ ᠡᠷᠭᠢᠯᠡᠭᠴᠢ ᠴᠠᠩ ᠮᠸᠢ ᠯᠢᠩ ᠲᠤᠰ ᠲᠤᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠰᠢᠶᠠᠨ ᠤ ᠤᠯᠠᠭᠠᠨ ᠵᠠᠭᠠᠯᠠᠮᠠᠶᠢᠲᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠴᠠᠩ ᠮᠧᠶ ᠯᠠᠨ ᠠᠴᠠ ᠰᠢᠶᠠᠨ ᠤ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠡᠮᠦᠨ᠎ᠡ ᠠᠴᠠ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠤ ᠬᠦᠴᠦ ᠨᠡᠮᠡᠷᠢᠯᠡᠬᠦ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠪᠡ᠃      ᠵᠠᠩ ᠺᠧ ᠯᠢᠩ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ ᠰᠢᠨ᠎ᠡ ᠪᠠᠶᠢᠳᠠᠯ ᠤᠨ ᠳᠣᠣᠷᠠᠬᠢ ᠤᠯᠠᠨ ᠲᠦᠮᠡᠨ ᠤ ᠪᠦᠯᠬᠦᠮ ᠤᠨ ᠠᠵᠢᠯ ᠤᠨ ᠣᠷᠣᠨ ᠪᠠᠶᠢᠷᠢ ᠶᠢ ᠨᠢ ᠵᠥᠪ ᠣᠨᠣᠪᠴᠢᠲᠠᠶ ᠪᠠᠶᠢᠷᠢᠯᠠᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠠᠯᠢᠭ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠭᠤᠷᠪᠠᠨ ᠲᠠᠯ᠎ᠠ ᠠᠴᠠ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠢ ᠨᠢᠭᠡ ᠳᠤ ᠡᠷᠡᠰ ᠪᠠᠲᠤ ᠤᠯᠤᠰ ᠲᠥᠷᠥ ᠶᠢᠨ ᠳᠠᠭᠠᠭᠠᠮᠠᠭᠠᠶ ᠬᠦᠴᠦᠨ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠲᠡᠦᠬᠡ ᠳᠤ ᠬᠠᠷᠢᠭᠤᠴᠠᠵᠤ᠂ ᠬᠥᠭᠵᠢᠯᠲᠡ ᠳᠤ ᠬᠠᠷᠢᠭᠤᠴᠠᠵᠤ᠂ ᠠᠷᠠᠳ ᠲᠦᠮᠡᠨ ᠳᠤ ᠬᠠᠷᠢᠭᠤᠴᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠭᠦᠨ ᠲᠡᠰᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠬᠤ ᠬᠡᠷᠡᠭᠲᠡᠢ︔ ᠬᠤᠶᠠᠷ ᠲᠤ᠂ ᠰᠢᠶᠠᠨ ᠤ ᠨᠠᠮ ᠤᠨ ᠬᠤᠷᠢᠶ᠎ᠠ ᠶᠢᠨ ᠭᠤᠣᠯ ᠠᠵᠢᠯ ᠤᠨ ᠬᠤᠪᠢᠷᠠᠯᠲᠠ ᠶᠢ ᠦᠨᠳᠦᠰᠦᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠰᠠᠶᠢᠳᠤᠷ ᠬᠢᠬᠦ ᠭᠤᠣᠯ ᠰᠡᠳᠦᠪ ᠤᠨ ᠲᠣᠭᠤᠷᠢᠨ ᠳᠤ᠂ ᠠᠵᠢᠯ ᠤᠨ ᠰᠡᠳᠬᠢᠮᠵᠢ ᠶᠢ ᠰᠠᠶᠢᠳᠤᠷ ᠰᠣᠳᠣᠯᠠᠨ ᠲᠥᠯᠥᠪᠯᠡᠬᠦ ᠬᠡᠷᠡᠭᠲᠡᠢ︔ ᠭᠤᠷᠪᠠ ᠳᠤ᠂ ᠶᠭᠡ ᠶᠠᠪᠤᠳᠠᠯ ᠶᠡᠭᠡ ᠲᠥᠷᠥᠯ ᠵᠦᠢᠯ ᠢ ᠠᠳᠬᠤᠵᠤ᠂ ᠤᠨᠴᠠᠯᠢᠭᠳᠤ ᠲᠠᠸᠠᠷ ᠤᠨ ᠲᠡᠮᠳᠡᠭᠲᠦ ᠢ ᠴᠣᠭᠴᠠᠯᠠᠵᠤ᠂ ᠠᠴᠢᠶᠠᠯᠠᠭᠴᠢ ᠶᠢᠨ ᠲᠠᠲᠠᠬᠤ ᠬᠦᠴᠦᠨ ᠢ ᠲᠦᠰᠢᠭᠯᠡᠨ᠂ ᠠᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠠᠬᠢᠭᠤᠯᠵᠤ᠂ ᠤᠯᠠᠠ ᠲᠦᠮᠡᠨ ᠤ ᠪᠦᠯᠬᠦᠮ ᠨᠢᠭᠡᠴᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠬᠦᠴᠦ ᠨᠡᠮᠡᠷᠢᠯᠡᠬᠦ ᠰᠢᠨ᠎ᠡ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠪᠡ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号