︽ᠲᠠᠯ᠎ᠠ ᠨᠤᠳᠤᠭ ᠨᠤᠮᠧᠷᠳᠤ︾ ᠠᠶᠠᠯᠠᠯ ᠵᠢᠭᠤᠯᠴᠢᠯᠠᠯ ᠤᠨ ᠭᠠᠯᠳᠤ ᠡᠬᠢᠯᠡᠨ ᠠᠶᠠᠯᠠᠪᠠ
ᠨᠡᠶᠢᠲᠡᠯᠡᠭᠰᠡᠨ ᠴᠠᠭ᠄
2018-06-21
      6 ᠰᠠᠷ᠎ᠠ ᠶᠢᠨ 18 ᠤ ᠡᠳᠤᠷ ᠰᠤᠷᠪᠤᠯᠵᠢᠯᠠᠭᠴᠢ ᠲᠤᠮᠳᠠᠳᠤ ᠤᠯᠤᠰ ᠤᠨ ᠲᠡᠮᠦᠷ ᠵᠠᠮ ᠤᠨ ᠬᠦᠬᠡᠬᠤᠳᠠ ᠳᠠᠬᠢ ᠲᠡᠮᠦᠷ ᠵᠠᠮ ᠤᠨ ᠪᠦᠯᠦᠭᠯᠡᠯ ᠺᠤᠮᠫᠠᠨᠢ ᠠᠴᠠ ᠤᠶᠢᠯᠠᠭᠠᠭᠰᠠᠨ ᠢᠶᠠᠷ᠂ ᠵᠤᠨ ᠤ ᠠᠮᠠᠷᠠᠯᠳᠠ ᠶᠢᠨ ᠵᠢᠭᠤᠯᠴᠢᠳ ᠤᠨ ᠵᠤᠷᠴᠢᠬᠤ ᠤᠷᠬᠢᠯ ᠤᠨ ᠬᠤᠭᠤᠴᠠᠭᠠᠨ ᠳᠤ ᠦᠢᠯᠡᠴᠢᠯᠡᠬᠦ ᠪᠠ ︽ᠲᠡᠮᠦᠷ ᠵᠠᠮ + ᠠᠶᠠᠯᠠᠯ ᠵᠢᠭᠤᠯᠴᠢᠯᠠᠯ︾ ᠤᠨ ᠠᠭᠤᠰᠤᠯᠴᠠᠯ ᠬᠦᠭᠵᠢᠯᠳᠡ ᠶᠢ ᠬᠦᠨᠵᠡᠬᠡᠶᠢᠷᠡᠬᠦᠯᠬᠦ ᠵᠤᠷᠢᠯᠭ᠎ᠠ ᠪᠠᠷ ᠲᠡᠮᠦᠷ ᠵᠠᠮ ᠤᠨ ᠰᠠᠯᠠᠭ᠎ᠠ ᠮᠦᠴᠢᠷ ᠤᠨ ᠬᠢᠨ ᠵᠤᠨ ᠤ ᠠᠮᠠᠷᠠᠯᠳᠠ ᠶᠢᠨ ᠬᠤᠭᠤᠴᠠᠭᠠᠨ ᠳᠤ ︽ᠲᠠᠯ᠎ᠠ ᠨᠤᠳᠤᠭ ᠨᠤᠮᠧᠷᠳᠤ︾ ᠠᠶᠠᠯᠠᠯ ᠵᠢᠭᠤᠯᠴᠢᠯᠠᠯ ᠤᠨ ᠭᠠᠯᠳᠤ ᠶᠢ ᠠᠶᠠᠯᠠᠭᠤᠯᠬᠤ ᠪᠠᠷ ᠪᠤᠯᠪᠠ᠃      ︽ᠲᠠᠯ᠎ᠠ ᠨᠤᠳᠤᠭ ᠨᠤᠮᠧᠷᠳᠤ︾ ᠠᠶᠠᠯᠠᠯ ᠵᠢᠭᠤᠯᠴᠢᠯᠠᠯ ᠤᠨ ᠭᠠᠯᠳᠤ ᠶᠢ 6 ᠰᠠᠷ᠎ᠠ ᠶᠢᠨ 15 ᠤ ᠡᠳᠤᠷ ᠠᠴᠠ ᠡᠬᠢᠯᠡᠨ 9 ᠰᠠᠷ᠎ᠠ ᠶᠢᠨ 20 ᠤ ᠡᠳᠤᠷ ᠪᠤᠯᠳᠠᠯ᠎ᠠ ᠬᠦᠬᠡᠬᠤᠳᠠ ᠠᠴᠠ ᠰᠢᠯᠢᠩᠬᠤᠳᠠ᠂ ᠡᠷᠢᠶᠡᠨ᠂ ᠬᠡᠰᠢᠭᠳᠡᠨ᠂ ᠤᠷᠳᠤᠰ ᠤᠨ ᠬᠤᠭᠤᠷᠤᠨᠳᠤ ᠠᠶᠠᠯᠠᠭᠤᠯᠬᠤ ᠪᠤᠯᠤᠨ᠎ᠠ᠃
 
ᠢᠷᠡᠯᠲᠡ᠄ ᠦᠪᠦᠷ ᠮᠤᠩᠬᠤᠯ ᠤᠨ ᠰᠤᠨᠢᠨ ᠮᠡᠳᠡᠬᠡᠨ ᠤ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号